蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠢᠷᠡᠭᠦ ᠭᠤᠷᠪᠠᠨ ᠬᠤᠨᠤᠭ ᠶᠡᠬᠡ ᠰᠠᠯᠬᠢ ᠭᠠᠷᠴᠤ ᠳᠤᠯᠠᠭᠠᠨ ᠤ ᠬᠡᠮᠵᠢᠶ᠎ᠡ ᠲᠤᠷᠤᠭᠰᠢᠯᠡᠨ ᠡᠯᠡᠰᠦᠨ ᠰᠢᠭᠤᠷᠭ᠎ᠠ ᠳᠡᠭᠳᠡᠨ᠎ᠡ

2017-05-03 17:26

ᠦᠨᠦ ᠦᠷᠯᠦᠭᠡ ᠬᠦᠬᠡᠬᠤᠲᠠ ᠶᠢᠨ ᠲᠡᠭᠷᠢ ᠪᠦᠷᠬᠦᠶᠢᠵᠦ᠂ ᠪᠠᠭ᠎ᠠ ᠪᠤᠷᠤᠭᠠᠨ ᠲᠠᠢ (ᠵᠢᠷᠤᠭ ᠢ ᠸᠠᠩ ᠶᠤᠧᠠᠨ ᠶᠤᠧᠠᠨ)

    ᠤᠶᠢᠷ᠎ᠠ ᠳᠦ᠂ ᠦᠪᠦᠷ ᠮᠤᠩᠭᠤᠯ ᠤᠨ ᠪᠦᠰᠡ ᠨᠤᠲᠤᠭ ᠲᠦ ᠬᠦᠢᠲᠡᠨ ᠤᠷᠤᠰᠬᠠᠯ ᠤᠨ ᠴᠠᠭ ᠠᠭᠠᠷ ᠤᠯᠠᠰᠢᠷᠠᠵᠦ᠂ ᠠᠭᠠᠷ ᠤᠨ ᠲᠤᠯᠠᠭᠠᠨ ᠤ ᠬᠤᠪᠢᠷᠠᠯᠲᠠ ᠶᠡᠬᠡ᠃ 《5.1》 ᠤ ᠠᠮᠠᠷᠠᠯᠲᠠ ᠲᠠᠭᠤᠰᠬᠤ ᠶᠢ ᠳᠠᠭᠠᠯᠳᠤᠨ᠂ ᠦᠪᠦᠷ ᠮᠤᠩᠭᠤᠯ ᠳᠦ ᠪᠤᠷᠤᠭᠠᠯᠠᠵᠦ᠂ ᠰᠠᠯᠬᠢ ᠰᠢᠭᠤᠷᠭ᠎ᠠ ᠳᠡᠭᠳᠡᠨ᠂ ᠳᠤᠯᠠᠭᠠᠨ ᠤ ᠬᠡᠮᠵᠢᠶ᠎ᠡ ᠳᠤᠷᠤᠭᠰᠢᠯᠠᠵᠠᠢ᠃ ᠢᠷᠡᠬᠦ ᠭᠤᠷᠪᠠᠨ ᠬᠤᠨᠤᠭ ᠲᠦ᠂ ᠦᠪᠦᠷ ᠮᠤᠩᠭᠤᠯ ᠳᠠᠶᠠᠭᠠᠷ ᠦᠷᠭᠦᠯᠵᠢᠯᠡᠨ ᠪᠤᠷᠤᠭᠠᠨ ᠰᠠᠯᠬᠢ ᠤᠯᠠᠨᠲᠠᠢ᠂ ᠠᠭᠠᠷ ᠤᠨ ᠳᠤᠯᠠᠭᠠᠨ ᠲᠡᠭᠰᠢ ᠦᠭᠡᠢ᠃

    ᠦᠪᠦᠷ ᠮᠤᠩᠭᠤᠯ ᠤᠨ ᠴᠠᠭ ᠠᠭᠤᠷ ᠤᠨ ᠬᠤᠷᠢᠶ᠎ᠠ ᠶᠢᠨ ᠤᠷᠢᠳᠴᠢᠯᠠᠨ ᠲᠤᠭᠠᠴᠠᠭᠠᠯᠠᠭᠰᠠᠨ ᠢᠶᠡᠷ᠂ ᠢᠷᠡᠬᠦ ᠭᠤᠷᠪᠠᠨ ᠬᠤᠨᠤᠭ ᠤᠷᠤᠨ ᠳᠠᠶᠠᠭᠠᠷ ᠲᠤ ᠶᠡᠬᠡᠪᠡᠷ ᠰᠠᠯᠬᠢᠯᠠᠵᠦ᠂ ᠡᠯᠡᠰᠦᠨ ᠰᠢᠭᠤᠷᠭ᠎ᠠ ᠳᠡᠭᠳᠡᠨ᠂ ᠬᠤᠷ᠎ᠠ ᠲᠤᠨᠳᠠᠰᠤ ᠤᠷᠤᠵᠤ᠂ ᠠᠭᠠᠷ ᠤᠨ ᠳᠤᠯᠠᠭᠠᠨ ᠪᠠᠭᠤᠷᠠᠬᠤ ᠪᠤᠯᠤᠨ᠎ᠠ᠃ ᠡᠭᠦᠨ ᠳᠦ᠂ ᠰᠢᠯᠢ ᠶᠢᠨ ᠭᠤᠤᠯ ᠤᠨ ᠶᠡᠬᠡᠩᠬᠢ ᠬᠡᠰᠡᠭ᠂ ᠲᠦᠩᠯᠢᠶᠤᠤ ᠶᠢᠨ ᠡᠮᠦᠨ᠎ᠡ ᠬᠡᠰᠡᠭ ᠂ ᠬᠦᠯᠦᠨ ᠪᠦᠢᠷ ᠤᠨ ᠪᠠᠷᠠᠭᠤᠨ ᠬᠡᠰᠡᠭ ᠪᠠ ᠬᠤᠶᠢᠲᠦ ᠬᠡᠰᠡᠭ ᠲᠦ ᠪᠠᠭ᠎ᠠ ᠪᠤᠷᠤᠭᠠᠨ ᠲᠠᠢ᠃ ᠪᠠᠷᠠᠭᠤᠨ ᠬᠡᠰᠡᠭ ᠂ ᠳᠤᠮᠳᠠ ᠬᠡᠰᠡᠭ  ᠤᠨ ᠵᠡᠭᠦᠨᠰᠢᠬᠢ ᠪᠤᠶᠤ ᠵᠡᠭᠦᠨ ᠬᠡᠰᠡᠭ ᠤᠨ ᠪᠦᠰᠡ ᠨᠤᠲᠤᠭ ᠲᠦ ᠪᠠᠷᠠᠭᠤᠨ ᠬᠤᠶᠢᠨ᠎ᠠ ᠡᠴᠡ 4᠍᠋- 5 ᠳᠡᠰ  ᠤᠨ ᠰᠠᠯᠬᠢ ᠰᠠᠯᠬᠢᠯᠠᠵᠦ᠂ ᠪᠠᠷᠠᠭᠤᠨ ᠬᠡᠰᠡᠭ ᠤᠨ ᠤᠮᠠᠷᠠᠰᠢᠬᠢ ᠪᠦᠰᠡ ᠨᠤᠲᠤᠭ ᠲᠦ ᠲᠤᠭᠤᠰᠤ ᠰᠢᠭᠤᠷᠭ᠎ᠠ ᠲᠠᠢ ᠴᠠᠭ ᠠᠭᠠᠷ ᠢᠯᠡᠷᠡᠨ᠎ᠠ᠃ ᠵᠡᠭᠦᠨ ᠬᠡᠰᠡᠭ ᠤᠨ ᠪᠦᠰᠡ ᠨᠤᠲᠤᠭ ᠤᠨ ᠠᠭᠠᠷ ᠤᠨ ᠳᠤᠯᠠᠭᠠᠨ 8 ᠭᠷᠠᠳᠦ᠋ᠰ ᠤᠷᠴᠢᠮ ᠪᠠᠭᠤᠷᠠᠨ᠎ᠠ᠃

    ᠰᠡᠭᠦᠯ ᠤᠨ ᠦᠶ᠎ᠠ ᠳᠤ᠂ ᠠᠭᠠᠷ ᠤᠨ ᠳᠤᠯᠠᠭᠠᠨ ᠤᠨ ᠬᠡᠯᠪᠡᠯᠵᠡᠯ ᠨᠡᠯᠢᠶᠡᠳ ᠶᠡᠬᠡ ᠤᠴᠢᠷ ᠡᠴᠡ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠨ ᠬᠤᠪᠴᠠᠰᠤ ᠪᠠᠨ ᠲᠤᠬᠢᠷᠠᠭᠤᠯᠬᠤ ᠶᠢ ᠠᠩᠬᠠᠷᠤᠭᠠᠷᠠᠢ᠃ ᠡᠭᠦᠨ ᠤ ᠬᠠᠮᠲᠤ᠂ ᠶᠡᠬᠡ ᠰᠠᠯᠬᠢ ᠪᠠ ᠡᠯᠡᠰᠦᠨ ᠰᠢᠭᠤᠷᠭ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠢᠬᠤᠯᠠᠲᠠᠢ ᠦᠶ᠎ᠡ ᠳᠦ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠠᠷᠠᠢ᠃ ᠡᠭᠦᠨ ᠡᠴᠡ ᠭᠠᠳᠠᠨ᠎ᠠ᠂ ᠤᠳᠤ ᠪᠡᠷ ᠤᠯᠠᠭᠠᠨᠬᠠᠳᠠ᠂ ᠲᠦᠩᠯᠢᠶᠤᠤ ᠶᠢᠨ ᠬᠦᠷᠦᠰᠦ ᠰᠢᠷᠤᠢ ᠶᠢᠨ ᠴᠢᠭᠢᠭ᠌ ᠤᠨ ᠪᠠᠶᠢᠳᠠᠯ ᠨᠡᠯᠢᠶᠡᠳ ᠠᠨᠠᠢ ᠪᠠᠶᠢᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠷᠢᠳᠴᠢᠯᠠᠨ ᠲᠤᠬᠢᠷᠠᠭᠤᠯᠤᠯᠲᠠ ᠬᠢᠵᠦ᠂ ᠴᠠᠭ ᠲᠤᠬᠠᠢ ᠳᠦᠨᠢ ᠭᠠᠩ ᠢ ᠰᠡᠷᠭᠡᠶᠢᠯᠡᠬᠦ ᠠᠷᠭ᠎ᠠ ᠬᠡᠮᠵᠢᠶ᠎᠎ᠡ ᠠᠪᠴᠤ᠂ ᠮᠠᠯᠴᠢᠨ ᠲᠠᠷᠢᠶᠠᠴᠢᠳ ᠢ ᠵᠢᠯᠤᠭᠤᠳᠤᠨ ᠭᠠᠩ ᠢ ᠡᠰᠡᠷᠭᠦᠴᠡᠭᠦ᠂ ᠡᠷᠲᠡ ᠪᠤᠯᠪᠠᠰᠤᠷᠠᠬᠤ ᠲᠠᠷᠢᠮᠠᠯ ᠤᠨ ᠲᠦᠷᠦᠯ ᠢ ᠲᠠᠷᠢᠬᠤ ᠶᠢ ᠰᠠᠨᠠᠭᠤᠯᠵᠤ ᠪᠠᠶᠢᠨ᠎ᠠ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠳᠤᠮᠳᠠᠳᠤ ᠤᠯᠤᠰ ᠤᠨ ᠴᠠᠭ ᠠᠭᠠᠷ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120912782