蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠳᠤᠮᠳᠠᠳᠤ ᠪᠠᠷᠠᠭᠤᠨ ᠬᠡᠰᠡᠭ ᠤᠨ ᠠᠩᠬᠠᠨ ᠤ ᠭᠠᠶᠢᠯᠢ ᠡᠴᠡ ᠬᠠᠮᠠᠭᠠᠯᠠᠬᠤ ᠪᠠᠷᠠᠭᠠᠨ ᠤ ᠲᠠᠷᠬᠠᠭᠠᠯᠳᠠ ᠶᠢᠨ ᠲᠦᠪ ᠴᠤᠬᠤᠪᠤᠷᠢᠯᠠᠭᠳᠠᠪᠠ

2017-05-08 16:54

    ᠰᠤᠷᠪᠤᠯᠵᠢᠯᠠᠭᠴᠢ ᠬᠦᠬᠡᠬᠤᠲᠠ ᠶᠢᠨ ᠪᠤᠭᠤᠮᠲᠠ ᠡᠴᠡ ᠤᠶᠢᠯᠠᠭᠠᠭᠰᠠᠨ ᠢᠶᠡᠷ᠂ ᠲᠦᠷᠦᠭᠦᠬᠡᠨ᠂ ᠪᠠᠶᠠᠨᠨᠠᠭᠤᠷ ᠬᠤᠲᠠ ᠶᠢᠨ ᠭᠠᠶᠢᠯᠢ ᠡᠴᠡ ᠬᠠᠮᠠᠭᠠᠯᠠᠬᠤ ᠪᠠᠷᠠᠭᠠᠨ ᠤ ᠲᠠᠷᠬᠠᠭᠠᠯᠳᠠ ᠶᠢᠨ ᠲᠦᠪ (B ᠬᠡᠯᠪᠡᠷᠢ) ᠪᠤᠭᠤᠮᠲᠠ ᠶᠢᠨ ᠶᠡᠷᠦᠩᠬᠡᠢ ᠵᠠᠬᠢᠷᠭ᠎ᠠ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶ᠎ᠠ ᠪᠤᠯᠤᠨ ᠤᠯᠤᠰ ᠤᠨ ᠭᠠᠳᠠᠭᠠᠲᠤ ᠭᠤᠪᠢᠭᠤᠯᠤᠯᠭ᠎ᠠ ᠶᠢᠨ ᠬᠠᠮᠢᠶᠠᠷᠤᠯᠲᠠ ᠶᠢᠨ ᠲᠤᠪᠴᠢᠶᠠᠨ ᠤ ᠴᠤᠬᠤᠪᠤᠷᠢᠯᠠᠯ ᠢ ᠤᠯᠪᠠ᠃ ᠡᠨᠡ ᠨᠢ ᠦᠪᠦᠷ ᠮᠣᠩᠭᠣᠯ ᠤᠨ ᠬᠤᠶᠠᠳᠡᠬᠢ ᠭᠠᠶᠢᠯᠢ ᠡᠴᠡ ᠬᠠᠮᠠᠭᠠᠯᠠᠬᠤ ᠪᠠᠷᠠᠭᠠᠨ ᠤ ᠲᠠᠷᠬᠠᠭᠠᠯᠳᠠ ᠶᠢᠨ ᠲᠦᠪ (B ᠬᠡᠯᠪᠡᠷᠢ) ᠪᠠᠶᠢᠵᠤ᠂ ᠮᠦᠨᠴᠤ ᠦᠪᠦᠷ ᠮᠣᠩᠭᠣᠯ ᠤᠨ ᠳᠤᠮᠳᠠᠳᠤ ᠪᠠᠷᠠᠭᠤᠨ ᠬᠡᠰᠡᠭ ᠤᠨ ᠠᠶᠢᠮᠠᠭ ᠬᠤᠲᠠ ᠨᠤᠭᠤᠳ ᠤᠨ ᠠᠩᠬᠠᠨ ᠤ ᠭᠠᠶᠢᠯᠢ ᠡᠴᠡ ᠬᠠᠮᠠᠭᠠᠯᠠᠬᠤ ᠪᠠᠷᠠᠭᠠᠨ ᠤ ᠲᠠᠷᠬᠠᠭᠠᠯᠳᠠ ᠶᠢᠨ ᠲᠦᠪ ᠪᠤᠯᠤᠨ᠎ᠠ᠃

    ᠤᠶᠢᠯᠠᠭᠠᠭᠰᠠᠨ ᠢᠶᠡᠷ᠂ ᠪᠠᠶᠠᠨᠨᠠᠭᠤᠷ ᠬᠤᠲᠠ ᠶᠢᠨ ᠭᠠᠶᠢᠯᠢ ᠡᠴᠡ ᠬᠠᠮᠠᠭᠠᠯᠠᠬᠤ ᠪᠠᠷᠠᠭᠠᠨ ᠤ ᠲᠠᠷᠬᠠᠭᠠᠯᠳᠠ ᠶᠢᠨ ᠲᠦᠪ (B ᠬᠡᠯᠪᠡᠷᠢ)  ᠤᠨ ᠲᠠᠯᠠᠪᠠᠢ ᠨᠢ 0.25 ᠺᠦᠸᠠᠳ᠋ ᠺᠢᠯᠦᠮᠸᠲ᠋ᠷ᠂ ᠪᠠᠶᠠᠨᠨᠠᠭᠤᠷ ᠬᠤᠲᠠ ᠶᠢᠨ ᠯᠢᠨᠾᠸ ᠲᠤᠭᠤᠷᠢᠭ ᠤᠨ ᠪᠠᠶᠠᠨᠨᠠᠭᠤᠷ ᠤᠷᠴᠢᠨ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭ᠍ᠲᠡᠬᠦᠨ ᠤ ᠪᠠᠷᠠᠭᠠᠨ ᠤ ᠲᠠᠷᠬᠠᠭᠠᠯᠳᠠ ᠶᠢᠨ ᠲᠦᠪ ᠲᠤᠭᠤᠷᠢᠭ ᠲᠤ ᠪᠠᠶᠢᠷᠢᠯᠠᠵᠤ ᠪᠤᠢ᠃ ᠭᠠᠶᠢᠯᠢ ᠡᠴᠡ ᠬᠠᠮᠠᠭᠠᠯᠠᠬᠤ ᠪᠠᠷᠠᠭᠠᠨ ᠤ ᠲᠠᠷᠬᠠᠭᠠᠯᠳᠠ ᠶᠢᠨ ᠲᠦᠪ ᠪᠠᠶᠢᠭᠤᠯᠤᠭᠳᠠᠭᠰᠠᠨ ᠤ ᠳᠠᠷᠠᠭ᠎ᠠ᠂ ᠭᠠᠶᠢᠯᠢ ᠦᠭᠡᠢ ᠪᠡᠷ ᠬᠦᠮᠦᠷᠭᠡᠯᠡᠬᠦ᠂ ᠤᠯᠠᠨ ᠤᠯᠤᠰ ᠤᠨ ᠪᠠᠷᠠᠭ᠎ᠠ ᠬᠦᠷᠭᠡᠬᠦ᠂ ᠢᠮᠫᠤᠷᠲ ᠡᠺᠰᠫᠤᠷᠲ  ᠤᠨ ᠠᠷᠠᠯᠵᠢᠶ᠎ᠠ᠂ ᠪᠤᠭᠤᠮᠲᠠ ᠳᠠᠮᠵᠢᠬᠤ ᠠᠷᠠᠯᠵᠢᠶ᠎ᠠ᠂ ᠭᠠᠳᠠᠭᠠᠲᠤ ᠳᠤ ᠭᠠᠷᠭᠠᠬᠤ ᠠᠷᠠᠯᠵᠢᠶ᠎ᠠ᠂ ᠬᠢᠯᠢ ᠳᠠᠮᠨᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠵᠡᠷᠭᠡ ᠶᠢ ᠪᠡᠶᠡᠯᠡᠭᠦᠯᠬᠦ ᠴᠢᠳᠠᠮᠵᠢ ᠲᠠᠢ᠂ ᠪᠦᠰᠡ ᠨᠤᠲᠤᠭ ᠤᠨ ᠲᠠᠷᠢᠶᠠᠯᠠᠩ ᠤᠨ ᠪᠦᠲᠦᠭᠡᠭ᠍ᠲᠡᠬᠦᠨ ᠢ ᠭᠠᠷᠭᠠᠬᠤ᠂ ᠢᠮᠫᠤᠷᠲ᠋ᠯᠠᠭᠰᠠᠨ ᠠᠵᠤ ᠠᠬᠤᠶᠢᠯᠠᠯ ᠤᠨ ᠦᠪᠡᠷ ᠤᠨ ᠦᠷᠲᠡᠭ ᠢ ᠪᠠᠭᠤᠷᠠᠭᠤᠯᠬᠤ ᠶᠢ ᠤᠯᠠᠮ ᠴᠢᠨᠠᠭᠰᠢᠲᠠ ᠠᠬᠢᠭᠤᠯᠬᠤ ᠪᠤᠯᠤᠨ᠎ᠠ᠃ 2016 ᠤᠨ ᠳᠤ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠪᠦᠲᠦᠭᠡᠭ᠍ᠲᠡᠬᠦᠨ ᠤ ᠡᠺᠰᠫᠤᠷᠯᠠᠭᠰᠠᠨ ᠬᠡᠮᠵᠢᠶ᠎ᠠ 21.6 ᠳ᠋ᠦᠩᠰᠢᠭᠤᠷ ᠲᠦᠬᠦᠷᠢᠭ᠌ ᠲᠤ ᠬᠦᠷᠴᠤ᠂ ᠠᠳᠠᠯᠢ ᠬᠤᠭᠤᠴᠠᠭᠠᠨ ᠳᠡᠬᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠤᠨ ᠪᠦᠲᠦᠭᠡᠭ᠍ᠲᠡᠬᠦᠨ ᠤ ᠡᠺᠰᠫᠤᠷᠯᠠᠭᠰᠠᠨ ᠬᠡᠮᠵᠢᠶᠡᠨ ᠤ 43.6% ᠶᠢ ᠡᠵᠡᠯᠡᠪᠡ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120937685