蒙古文网站Logo
ᠰᠢᠨᠬᠤᠸᠠ ᠮᠤᠩᠭ᠋ᠤᠯ ᠨᠧᠲ

26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠣ᠋ ᠶᠢᠨ ᠨᠠᠶᠢᠷ ᠲᠤ ᠦᠢᠯᠡᠴᠢᠯᠡᠬᠦ ᠰᠠᠶᠢᠨ ᠳᠤᠷ᠎ᠠ ᠶᠢᠨ ᠠᠵᠢᠯᠲᠠᠨ ᠢ ᠪᠦᠷᠢᠳᠭᠡᠵᠤ ᠡᠬᠢᠯᠡᠯ᠎ᠠ

2017-05-09 11:20

    5  ᠤ᠋ ᠡᠳᠦᠷ᠂ ᠬᠦᠬᠡᠬᠤᠲᠠ ᠶᠢᠨ ᠡᠪᠯᠡᠯ ᠤᠨ ᠬᠤᠷᠢᠶ᠎ᠠ ᠪᠠ ᠬᠤᠲᠠ ᠶᠢᠨ ᠵᠠᠯᠠᠭᠤᠴᠤᠳ ᠤᠨ ᠰᠠᠶᠢᠨ ᠳᠤᠷᠠᠲᠠᠳ ᠤᠨ ᠨᠡᠶᠢᠬᠡᠮᠯᠢᠭ᠌ 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠣ᠋ ᠶᠢᠨ ᠨᠠᠶᠢᠷ ᠤᠨ ᠰᠠᠶᠢᠨ ᠳᠤᠷ᠎ᠠ ᠶᠢᠨ ᠠᠵᠢᠯᠲᠠᠨ ᠪᠦᠷᠢᠳᠭᠡᠬᠦ ᠠᠵᠢᠯ ᠢ ᠪᠦᠬᠦ ᠲᠠᠯ᠎ᠠ ᠪᠡᠷ ᠡᠬᠢᠯᠡᠭᠦᠯᠦᠯ᠎ᠠ᠃

    ᠤᠶᠢᠯᠠᠭᠠᠭᠰᠠᠨ ᠢᠶᠡᠷ᠂ ᠨᠡᠷ᠎ᠠ ᠪᠦᠷᠢᠳᠭᠡᠭᠦᠯᠦᠭᠰᠡᠳ ᠤᠨ ᠨᠠᠰᠤᠨ ᠤ ᠬᠢᠵᠠᠭᠠᠷᠯᠠᠯ 18 ᠨᠠᠰᠤᠨ ᠡᠴᠡ 30 ᠨᠠᠰᠤᠨ ᠤ ᠬᠤᠭᠤᠷᠤᠨᠳᠤ᠂ ᠪᠡᠶ᠎ᠠ ᠮᠠᠬᠠᠪᠤᠳ ᠴᠢᠬᠢᠷᠠᠭ; ᠰᠠᠶᠢᠨ ᠳᠤᠷ᠎ᠠ ᠶᠢᠨ ᠥᠢᠯᠡᠴᠢᠯᠡᠬᠡᠨ ᠤ ᠠᠵᠢᠯ ᠤᠨ ᠪᠠᠶᠢᠷᠢ ᠶᠢᠨ ᠮᠡᠷᠭᠡᠵᠢᠯ ᠮᠡᠳᠡᠯᠭᠡ ᠪᠠ ᠴᠢᠳᠠᠪᠤᠷᠢ ᠲᠠᠢ᠌; ᠥᠢᠯᠡᠴᠢᠯᠡᠬᠦ ᠡᠴᠡ ᠡᠮᠦᠨᠡᠬᠢ ᠳᠠᠰᠬᠠᠯᠵᠢᠭᠤᠯᠤᠯᠲᠠ ᠵᠢᠴᠢ ᠬᠤᠯᠪᠤᠭᠳᠠᠯ ᠪᠦᠬᠦᠢ ᠠᠵᠢᠯᠠᠯᠠᠭ᠎ᠠ ᠳᠤ ᠤᠷᠤᠯᠴᠠᠵᠤ ᠲᠡᠶᠢᠯᠬᠦ; ᠺᠢᠨᠣ᠋ ᠶᠢᠨ ᠨᠠᠶᠢᠷ  ᠤᠨ ᠬᠤᠭᠤᠴᠠᠭᠠᠨ ᠳᠤ ᠬᠤᠯᠪᠤᠭᠳᠠᠬᠰᠠᠨ ᠠᠵᠢᠯ ᠤᠨ ᠪᠠᠶᠢᠷᠢ ᠶᠢᠨ ᠡᠭᠦᠷᠬᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠭᠠᠳᠠᠭᠠᠲᠤ ᠬᠡᠯᠡ ᠪᠡᠷ ᠦᠨᠳᠤᠰᠤᠨ  ᠳᠤ ᠪᠡᠨ ᠨᠡᠪᠲᠡᠷᠡᠯᠴᠠᠵᠤ ᠳᠡᠶᠢᠯᠬᠦ ᠴᠢᠳᠠᠪᠤᠷᠢ ᠲᠠᠢ ᠪᠠᠶᠢᠬᠤ ᠶᠢ ᠱᠬᠭᠠᠷᠳᠠᠨ᠎ᠠ᠃

    ᠬᠦᠬᠡᠬᠤᠲᠠ ᠳᠤ ᠰᠠᠭᠤᠭ᠎ᠠ ᠡᠯ᠎ᠠ ᠰᠤᠷᠭᠠᠭᠤᠯᠢ ᠶᠢᠨ ᠤᠶᠤᠲᠠᠳ ᠪᠠ ᠬᠦᠬᠡᠬᠤᠲᠠ ᠳᠤ ᠠᠵᠢᠯᠯᠠᠵᠤ᠂ ᠰᠤᠷᠤᠯᠴᠠᠵᠤ᠂ ᠠᠮᠢᠳᠤᠷᠠᠭ᠎ᠠ ᠬᠦᠮᠦᠰ 5 ᠰᠠᠷ᠎ᠠ ᠶᠢᠨ 5 ᠤ ᠡᠳᠦᠷ ᠡᠴᠡ 6 ᠰᠠᠷ᠎ᠠ ᠶᠢᠨ 5 ᠤ ᠡᠳᠦᠷ ᠤᠨ ᠬᠤᠭᠤᠷᠤᠨᠳᠤ ᠬᠦᠬᠡᠬᠤᠲᠠ ᠶᠢᠨ ᠡᠪ ᠬᠠᠮᠲᠤ ᠶᠢᠨ ᠵᠠᠯᠠᠭᠤᠴᠤᠳ ᠤᠨ ᠡᠪᠯᠡᠯ ᠤᠨ ᠠᠯᠪᠠᠨ ᠤ ᠸᠢᠴᠠᠲ  ᠢᠶᠡᠷ ᠨᠡᠷ᠎ᠠ ᠪᠦᠷᠢᠳᠭᠡᠭᠦᠯᠵᠤ ᠪᠤᠯᠤᠨ᠎ᠠ᠃

ᠢᠷᠡᠯᠳᠡ᠄ ᠥᠪᠦᠷ ᠮᠣᠩ᠋ᠭᠤᠯ ᠤᠨ ᠥᠷᠯᠦᠬᠡᠨ ᠤ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120942114