蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠪᠤᠭᠤᠲᠤ ᠤᠷᠳᠤᠰ ᠵᠢᠴᠢ ᠡᠷᠬᠢᠨ ᠲᠤᠭᠤᠷᠢᠨ ᠤ ᠠᠶᠢᠮᠠᠭ ᠬᠤᠲᠠ ᠶᠢᠨ ᠴᠢᠳᠠᠪᠤᠷᠢᠲᠠᠨ ᠡᠯᠰᠡᠬᠦ ᠬᠠᠮᠳᠤᠷᠠᠬᠰᠠᠨ ᠴᠤᠭᠯᠠᠭᠠᠨ ᠳᠤ 5329 ᠠᠵᠢᠯ ᠤᠨ ᠪᠠᠶᠢᠷᠢ ᠬᠠᠩᠭ᠋ᠠᠪᠠ

2017-05-09 11:29

    5 ᠰᠠᠷ᠎ᠠ ᠶᠢᠨ 6 ᠤ ᠡᠳᠦᠷ᠂ ᠳᠦᠷᠪᠡᠳᠡᠬᠢ ᠬᠤᠭᠤᠴᠠᠭᠠᠨ ᠤ ᠬᠡᠰᠡᠭ ᠲᠤᠮᠤ ᠳᠤᠮᠲᠠ ᠠᠵᠤ ᠠᠬᠤᠶᠢᠯᠠᠯ  ᠶᠡᠬᠡ ᠲᠡᠭᠡᠲᠤ ᠰᠤᠷᠭᠠᠭᠤᠯᠢ ᠶᠢᠨ ᠲᠡᠭᠦᠰᠦᠭᠰᠡᠨ ᠤᠶᠤᠲᠠᠳ ᠡᠴᠡ ᠴᠢᠳᠠᠪᠤᠷᠢᠲᠠᠨ ᠡᠯᠰᠡᠬᠦ ᠬᠠᠮᠳᠤᠷᠠᠭᠰᠠᠨ ᠴᠤᠭᠯᠠᠭᠠᠨ ᠪᠤᠯᠤᠨ ᠬᠦᠬᠡᠬᠤᠲᠠ ᠪᠤᠭᠤᠲᠤ ᠤᠷᠳᠤᠰ ᠵᠢᠴᠢ ᠡᠷᠬᠢᠨ ᠲᠤᠭᠤᠷᠢᠨ ᠤ ᠠᠶᠢᠮᠠᠭ ᠬᠤᠲᠠ ᠶᠢᠨ ᠴᠢᠳᠠᠪᠤᠷᠢᠲᠠᠨ ᠡᠯᠰᠡᠬᠦ ᠬᠠᠮᠳᠤᠷᠠᠬᠰᠠᠨ ᠴᠤᠭᠯᠠᠭᠠᠨ  ᠥᠪᠥᠷ ᠮᠣᠩᠭᠣᠯ ᠤᠨ ᠤᠯᠠᠨ ᠤᠯᠤᠰ ᠤᠨ ᠦᠵᠡᠰᠭᠦᠯᠡᠩ ᠤᠨ ᠲᠦᠪ ᠲᠤ ᠦᠨᠳᠦᠷᠯᠡᠪᠡ᠃ ᠲᠤᠰ ᠤᠳᠠᠭᠠᠨ ᠤ ᠴᠢᠳᠠᠪᠤᠷᠢᠲᠠᠨ ᠡᠯᠰᠡᠬᠦ ᠴᠤᠭᠯᠠᠭᠠᠨ  ᠢ ᠬᠦᠬᠡᠬᠤᠲᠠ ᠶᠢᠨ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠲᠤᠪᠴᠢᠶ᠎ᠠ ᠡᠴᠡ ᠰᠠᠨᠠᠭᠠᠴᠢᠯᠠᠵᠤ᠂ ᠬᠤᠲᠠ ᠶᠢᠨ ᠴᠢᠳᠠᠪᠤᠷᠢᠲᠠᠨ ᠤ ᠥᠢᠯᠡᠴᠢᠯᠡᠬᠡᠨ ᠤ ᠲᠦᠪ ᠪᠠ ᠡᠯ᠎ᠠ ᠠᠶᠢᠮᠠᠭ ᠬᠤᠲᠠ ᠶᠢᠨ ᠬᠦᠮᠦᠨ ᠤ ᠨᠦᠬᠡᠴᠡ ᠶᠢᠨ ᠥᠢᠯᠡᠴᠢᠯᠡᠬᠡᠨ ᠤ ᠪᠠᠶᠢᠭᠤᠯᠤᠮᠵᠢ ᠡᠴᠡ ᠵᠣᠬᠢᠶᠠᠨ ᠪᠠᠶᠢᠭᠤᠯᠪᠠ᠃ ᠲᠤᠰ ᠤᠳᠠᠭᠠᠨ ᠤ ᠴᠢᠳᠠᠪᠤᠷᠢᠲᠠᠨ ᠡᠯᠰᠡᠬᠦ ᠴᠤᠭᠯᠠᠭᠠᠨ ᠳᠤ᠂ ᠬᠦᠬᠡᠬᠤᠲᠠ ᠪᠤᠭᠤᠲᠤ ᠤᠷᠳᠤᠰ ᠵᠢᠴᠢ ᠡᠷᠬᠢᠨ ᠲᠤᠭᠤᠷᠢᠨ ᠤ ᠠᠶᠢᠮᠠᠭ ᠬᠤᠲᠠ ᠶᠢᠨ 600 ᠳᠤᠮᠳᠠ ᠪᠠᠭ᠎ᠠ ᠵᠢᠵᠢᠭ᠌ ᠠᠵᠤ ᠠᠬᠤᠶᠢᠯᠠᠯ ᠵᠢᠴᠢ ᠴᠢᠳᠡᠪᠤᠷᠢᠲᠠᠨ ᠬᠡᠷᠡᠭᠰᠡᠬᠦ ᠡᠯ᠎ᠠ ᠲᠦᠷᠦᠯ ᠤᠨ ᠪᠠᠶᠢᠭᠤᠯᠤᠯᠭ᠎ᠠ ᠤᠷᠤᠯᠴᠠᠵᠤ᠂ 5329 ᠠᠵᠢᠯ ᠤᠨ ᠪᠠᠶᠢᠷᠢ ᠬᠠᠩᠭ᠋ᠠᠪᠠ᠃ ᠴᠤᠭᠯᠠᠭᠠᠨ ᠳᠤ ᠤᠷᠤᠯᠴᠠᠭᠰᠠᠨ ᠬᠦᠮᠦᠨ ᠤ ᠲᠤᠭ᠎ᠠ ᠲᠠᠪᠬᠤᠷᠳᠠᠭᠰᠠᠨ ᠲᠤᠭ᠎ᠠ ᠪᠡᠷ 105 ᠲᠦᠮᠡ ᠳᠤ ᠬᠦᠷᠤᠨ᠂ ᠴᠤᠭᠯᠠᠭᠠᠨ ᠤ ᠳᠠᠷᠠᠭ᠎ᠠ ᠠᠵᠢᠯ ᠤᠯᠭᠤᠯᠲᠠ ᠶᠢᠨ ᠲᠤᠬᠢᠷᠠᠯᠴᠠᠭᠰᠠᠨ ᠬᠡᠮᠵᠢᠶ᠎ᠠ 29% ᠳᠤ ᠬᠦᠷᠴᠤ ᠬᠦᠨᠡᠰᠦ᠂ ᠬᠤᠭᠤᠯᠠ ᠤᠮᠳᠠ᠂ ᠡᠷᠦᠬᠡ ᠶᠢᠨ ᠥᠢᠯᠡᠴᠢᠯᠡᠭᠡ᠂ ᠬᠦᠳᠡᠯᠮᠦᠷᠢ ᠬᠦᠴᠦ᠂ ᠡᠨᠧᠷᠬᠢ᠂ ᠬᠢᠮᠢ ᠶᠢᠨ ᠠᠵᠤ ᠥᠢᠯᠡᠳᠪᠦᠷᠢ᠂ ᠴᠠᠬᠢᠯᠭᠠᠨ ᠡᠷᠴᠢᠮ ᠬᠦᠴᠦ᠂ ᠬᠦᠳᠡᠬᠡ ᠠᠵᠤ ᠠᠬᠤᠶᠢᠯᠠᠯ᠂ ᠰᠤᠶᠤᠯ ᠵᠠᠭᠤᠴᠢᠯᠠᠭᠤᠷ᠂ ᠴᠠᠬᠢᠮ ᠬᠤᠯᠪᠤᠭ᠎ᠠ ᠵᠡᠷᠭᠡ 26 ᠠᠵᠢᠯ ᠲᠦᠷᠦᠯ ᠢ ᠬᠠᠮᠤᠷᠠᠪᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120942266