蒙古文网站Logo
ᠰᠢᠨᠬᠤᠸᠠ ᠮᠤᠩᠭ᠋ᠤᠯ ᠨᠧᠲ

2017 ᠣᠨ ᠤ ᠳᠡᠭᠡᠷ᠎ᠡ ᠬᠠᠭᠠᠰ ᠵᠢᠯ ᠤᠨ ᠥᠪᠡᠷᠰᠡᠳ ᠢᠶᠠᠨ ᠰᠤᠷᠴᠤ ᠰᠢᠯᠭᠠᠭᠤᠯᠤᠭᠰᠠᠳ ᠤᠨ ᠲᠡᠭᠦᠰᠬᠦ ᠶᠢ ᠬᠢᠨᠠᠨ ᠲᠣᠭᠲᠠᠭᠠᠬᠤ ᠠᠵᠢᠯ ᠤᠳᠠᠯ ᠥᠬᠡᠶ ᠡᠬᠢᠯᠡᠬᠦ ᠪᠠᠷ ᠪᠣᠢ

2017-05-10 16:47

    2017 ᠣᠨ ᠤ ᠳᠡᠭᠡᠷ᠎ᠡ ᠬᠠᠭᠠᠰ ᠵᠢᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠰᠡᠳ ᠢᠶᠠᠨ ᠰᠤᠷᠴᠤ ᠰᠢᠯᠭᠠᠭᠤᠯᠤᠭᠰᠠᠳ ᠤᠨ ᠲᠡᠭᠦᠰᠬᠦ ᠶᠢ ᠬᠢᠨᠠᠨ ᠲᠣᠭᠲᠠᠭᠠᠬᠤ ᠠᠵᠢᠯ ᠤᠳᠠᠯ ᠥᠬᠡᠶ ᠡᠬᠢᠯᠡᠬᠦ ᠪᠠᠷ ᠪᠣᠢ᠂ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠪᠡ᠄ ᠍᠍

    ᠨᠢᠭᠡ᠂ 5 ᠰᠠᠷ᠎ᠠ ᠶᠢᠨ 9 ᠤ ᠡᠳᠦᠷ ᠤᠨ 9 ᠴᠠᠭ ᠠᠴᠠ 5 ᠰᠠᠷ᠎ᠠ ᠶᠢᠨ 18 ᠤ ᠡᠳᠦᠷ ᠤᠨ17 ᠴᠠᠭ ᠬᠦᠷᠲᠡᠯ᠎ᠡ᠂ ᠲᠡᠭᠦᠰᠬᠦ ᠨᠥᠬᠦᠴᠡᠯ ᠳᠤ ᠨᠡᠶᠢᠴᠡᠬᠦ ᠰᠢᠯᠭᠠᠭᠤᠯᠤᠭᠰᠠᠳ ᠨᠸᠲ ᠲᠤ ᠲᠡᠭᠦᠰᠬᠦ ᠭᠤᠶᠤᠴᠢᠯᠠᠯ ᠢᠶᠠᠨ ᠭᠦᠢᠴᠡᠳᠬᠡᠬᠦ ᠮᠥᠷᠲᠡᠭᠡᠨ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢᠶᠠᠨ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠲᠤᠰᠢᠶᠠᠬᠤ ᠬᠡᠷᠡᠭᠲᠡᠢ᠃

    ᠬᠤᠶᠠᠷ᠂ 5 ᠰᠠᠷ᠎ᠠ ᠶᠢᠨ 9 ᠤ ᠡᠳᠦᠷ ᠠᠴᠠ 5 ᠰᠠᠷ᠎ᠠ ᠶᠢᠨ 31 ᠤ ᠡᠳᠦᠷ ᠬᠦᠷᠲᠡᠯ᠎ᠡ᠂ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠩᠬᠠᠨ ᠤ ᠬᠢᠨᠠᠯᠲᠠ ᠬᠢᠨ᠎ᠡ᠃

    ᠭᠤᠷᠪᠠ᠂ 6 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 8 ᠤ ᠡᠳᠦᠷ ᠬᠦᠷᠲᠡᠯ᠎ᠡ᠂ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠰᠠᠳ ᠤᠨ ᠳᠠᠩᠰᠠ ᠡᠪᠬᠡᠮᠡᠯ ᠢ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠬᠦᠷᠭᠡᠨ᠎ᠡ᠃

    ᠲᠦᠷᠪᠡ᠂ 6 ᠰᠠᠷ᠎ᠠ ᠶᠢᠨ 12 ᠤᠨ ᠡᠳᠦᠷ ᠠᠴᠠ 7 ᠰᠠᠷ᠎ᠠ ᠶᠢᠨ 15 ᠤ ᠡᠳᠦᠷ ᠬᠦᠷᠲᠡᠯ᠎ᠡ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠶᠢᠨ ᠲᠥᠪ ᠳᠠᠬᠢᠨ ᠬᠢᠨᠠᠯᠲᠠ ᠬᠢᠨ᠎ᠡ᠃

   ᠲᠠᠪᠤ᠂ 8 ᠰᠠᠷ᠎ᠠ ᠶᠢᠨ 31 ᠤ ᠡᠳᠦᠷ ᠠᠴᠠ ᠡᠮᠦᠨ᠎ᠡ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠶᠢᠨ ᠲᠥᠪ ᠨᠢ ᠲᠡᠭᠦᠰᠦᠭᠰᠡᠳ ᠢ ᠲᠡᠬᠢᠠ ᠬᠢᠨᠠᠵᠤ ᠬᠢᠷᠢ ᠲᠡᠩᠴᠡᠭᠰᠡᠨ ᠲᠤᠭ᠎ᠠ ᠪᠠᠷᠢᠮᠲᠠ ᠶᠢ ᠰᠤᠷᠭᠠᠨ ᠬᠥᠮᠦᠵᠢᠯ ᠤᠨ ᠶᠠᠮᠤᠨ ᠳᠤ ᠮᠡᠳᠡᠭᠦᠯᠵᠦ ᠡᠴᠦᠰ ᠤᠨ ᠬᠢᠨᠠᠨ ᠪᠠᠶᠢᠴᠠᠭᠠᠯᠲᠠ ᠬᠢᠯᠭᠡᠵᠦ᠂ ᠬᠢᠷᠢ ᠲᠡᠩᠴᠡᠪᠡᠯ 《ᠲᠡᠭᠦᠰᠬᠦ ᠦᠨᠡᠮᠯᠡᠯ》 ᠪᠠ 《ᠰᠤᠷᠭᠠᠭᠤᠯᠢ ᠲᠡᠭᠦᠰᠦᠭᠰᠡᠳ ᠤᠨ ᠳᠠᠩᠰᠠᠯᠠᠯ ᠤᠨ ᠬᠦᠰᠦᠨᠦᠭᠲᠦ》ᠣᠯᠭᠤᠨ᠎ᠠ᠃

    ᠲᠡᠭᠦᠰᠬᠦ ᠶᠢ ᠬᠢᠨᠠᠨ ᠲᠣᠭᠲᠠᠭᠠᠬᠤ ᠮᠠᠲ᠋ᠧᠷᠢᠶᠠᠯ ᠢ ᠪᠡᠯᠡᠳᠬᠡᠬᠦ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠥᠪᠥᠷ ᠮᠣᠩᠭ᠋ᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠥᠪᠡᠷᠰᠡᠳ ᠢᠶᠠᠨ ᠰᠤᠷᠴᠤ ᠰᠢᠯᠭᠠᠭᠤᠯᠤᠭᠰᠠᠳ ᠤᠨ ᠰᠢᠯᠭᠠᠯᠲᠠ ᠶᠢᠨ ᠰᠤᠪᠠᠭ  (http://www.nm.zsks.cn/jszgks/) ᠠᠴᠠ ᠯᠠᠪᠯᠠᠵᠤ ᠦᠵᠡᠬᠦ ᠪᠤᠶᠤ ᠠᠶᠢᠮᠠᠭ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠤᠲᠠᠰᠤ ᠪᠡᠷ ᠠᠰᠠᠭᠤᠨ ᠯᠠᠪᠯᠠᠭᠠᠷᠠᠢ᠃

ᠢᠷᠡᠯᠳᠡ᠄ ᠦᠪᠦᠷ ᠮᠣᠩᠭᠣᠯ ᠤᠨ ᠵᠠᠰᠠᠬ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120950729