蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 6 ᠬᠤᠲᠠ《 ᠳᠤᠮᠳᠠᠳᠤ ᠤᠯᠤᠰ ᠤᠨ ᠤᠯᠠᠨ ᠤᠯᠤᠰ ᠤᠨ ᠬᠤᠲᠠ ᠶᠢᠨ ᠬᠦᠭ᠍ᠵᠢᠯᠲᠠ ᠶᠢᠨ ᠬᠤᠯᠪᠤᠭ᠎ᠠ》 ᠳᠤ ᠰᠤᠩᠭ᠋ᠤᠭᠳᠠᠨ ᠤᠷᠤᠪᠠ

2017-05-11 17:18

    ᠰᠡᠭᠦᠯ ᠤᠨ ᠦᠶ᠎ᠠ ᠳᠤ᠂ ᠳᠤᠮᠳᠠᠳᠤ ᠡᠸᠦ᠋ᠷᠤᠫᠠ ᠶᠢᠨ ᠬᠤᠲᠠ ᠶᠢᠨ ᠦᠷᠭᠦᠯᠵᠢᠯᠡᠬᠦᠶᠢᠴᠡ ᠬᠦᠭ᠍ᠵᠢᠯᠲᠠ ᠶᠢᠨ ᠹᠤᠷᠦ᠋ᠮ ᠳᠡᠭᠡᠷ᠎ᠠ《 ᠳᠤᠮᠳᠠᠳᠤ ᠤᠯᠤᠰ ᠤᠨ ᠤᠯᠠᠨ ᠤᠯᠤᠰ ᠤᠨ ᠬᠤᠲᠠ ᠶᠢᠨ ᠬᠦᠭ᠍ᠵᠢᠯᠲᠠ ᠶᠢᠨ ᠬᠤᠯᠪᠤᠭ᠎ᠠ》 ᠠᠯᠪᠠᠨ ᠶᠤᠰᠤᠭᠠᠷ ᠪᠠᠶᠢᠭᠤᠯᠤᠭᠳᠠᠵᠤ᠂ ᠬᠤᠯᠪᠤᠭᠠᠨ ᠤ 90 ᠠᠩᠬᠠᠨ ᠤ ᠬᠡᠰᠢᠭᠦᠨ ᠬᠤᠲᠠ ᠶᠢ ᠲᠤᠭᠲᠠᠭᠠᠪᠠ᠃ ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠬᠠᠢ ᠬᠤᠲᠠ᠂ ᠬᠦᠯᠦᠨ ᠪᠤᠶᠢᠷ ᠬᠤᠲᠠ᠂ ᠤᠯᠠᠭᠠᠨᠴᠠᠪ ᠬᠤᠲᠠ᠂ ᠷᠠᠰᠢᠶᠠᠨ ᠬᠤᠲᠠ᠂ ᠡᠷᠢᠶᠡᠨ ᠬᠤᠲᠠ᠂ ᠪᠤᠭᠤᠲᠤ ᠬᠤᠲᠠ ᠶᠢᠨ ᠰᠢᠭᠤᠢ ᠲᠤᠭᠤᠷᠢᠭ ᠲᠤᠰ ᠨᠡᠷᠡᠰ ᠲᠤ ᠵᠢᠬᠰᠠᠭᠠᠭᠳᠠᠪᠠ᠃

    ᠤᠶᠢᠯᠠᠭᠠᠭᠰᠠᠨ ᠢᠶᠡᠷ᠂《 ᠳᠤᠮᠳᠠᠳᠤ ᠤᠯᠤᠰ ᠤᠨ ᠤᠯᠠᠨ ᠤᠯᠤᠰ ᠤᠨ ᠬᠤᠲᠠ ᠶᠢᠨ ᠬᠦᠭ᠍ᠵᠢᠯᠲᠠ ᠶᠢᠨ ᠬᠤᠯᠪᠤᠭ᠎ᠠ》 ᠶ᠋ᠢ ᠤᠯᠤᠰ ᠤᠨ ᠬᠦᠭ᠍ᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠵᠢᠯᠤᠭᠤᠳᠤᠯᠭ᠎ᠠ ᠪᠡᠷ ᠳᠤᠮᠳᠠᠳᠤ ᠶᠢᠨ ᠬᠤᠲᠠ ᠪᠤᠯᠤᠨ ᠪᠠᠭ᠎ᠠ ᠬᠤᠲᠠ ᠪᠠᠯᠭᠠᠰᠤᠨ ᠤ ᠦᠭᠡᠷᠡᠴᠢᠯᠡᠯᠲᠡ ᠬᠦᠭ᠍ᠵᠢᠭᠦᠯᠦᠯᠲᠠ ᠶᠢᠨ ᠲᠦᠪ ᠡᠴᠡ ᠵᠤᠬᠢᠶᠠᠨ ᠪᠠᠶᠢᠭᠤᠯᠪᠠ᠃ ᠭᠤᠤᠯᠳᠠᠭᠤ ᠰᠤᠯᠢᠯᠴᠠᠭᠠᠨ ᠤ ᠲᠠᠪᠴᠠᠩ ᠬᠠᠩᠭ᠋ᠠᠬᠤ᠂ ᠰᠢᠨ᠎ᠠ ᠬᠡᠯᠪᠡᠷᠢ ᠶᠢᠨ ᠬᠤᠲᠠᠴᠢᠯᠠᠯᠲᠠ᠂ ᠤᠨᠴᠠᠯᠢᠭᠲᠤ ᠪᠠᠯᠭᠠᠰᠤ ᠨᠤᠭᠤᠳ ᠤᠨ ᠰᠤᠩᠭ᠋ᠤᠳᠠᠭ ᠵᠢᠱᠢᠶ᠎ᠠ ᠪᠤᠯᠤᠨ ᠲᠤᠷᠰᠢᠯᠭ᠎ᠠ ᠰᠤᠯᠢᠯᠴᠠᠬᠤ᠂ ᠬᠤᠲᠠᠳ ᠤᠨ ᠶᠠᠪᠤᠯᠴᠠᠭ᠎ᠠ ᠳ᠋ᠦ ᠠᠮᠠᠯᠠᠭᠤᠯᠤᠬᠰᠠᠨ ᠦᠢᠯᠡᠴᠢᠯᠡᠭᠡ ᠤᠯᠭᠤᠬᠤ᠂ ᠤᠯᠠᠨ ᠤᠯᠤᠰ ᠤᠨ ᠬᠢᠨᠠᠨ ᠰᠢᠨᠵᠢᠯᠡᠭᠡ ᠪᠤᠯᠪᠠᠰᠤᠷᠠᠯ᠂ ᠲᠦᠷᠦ ᠶᠢᠨ ᠪᠤᠳᠤᠯᠭ᠎ᠠ ᠶᠢᠨ ᠲᠦᠯᠦᠪᠵᠢᠬᠦᠯᠭᠡ᠂ ᠴᠢᠬᠤᠯᠠ ᠰᠡᠳᠦᠪ ᠤᠨ ᠰᠤᠳᠤᠯᠭᠠᠨ᠂ ᠬᠦᠷᠦᠩᠭᠡ ᠪᠤᠰᠬᠠᠯᠲᠠ ᠶᠢᠨ ᠦᠢᠯᠡᠴᠢᠯᠡᠭᠡ ᠬᠠᠩᠭ᠋ᠠᠬᠤ ᠵᠡᠷᠭᠡ ᠡᠭᠦᠷᠭᠡ ᠲᠠᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120957383