蒙古文网站Logo
ᠰᠢᠨᠬᠤᠸᠠ ᠮᠤᠩᠭ᠋ᠤᠯ ᠨᠧᠲ

ᠰᠤᠶᠤᠯ ᠤᠨ ᠠᠵᠤ ᠦᠢᠯᠡᠰ ᠤᠨ ᠦᠵᠡᠰᠭᠦᠯᠡᠩ ᠬᠤᠳᠠᠯᠳᠤᠭ᠎ᠠ ᠬᠠᠭᠠᠯᠲᠠ ᠪᠡᠨ ᠬᠢᠪᠠ

2017-05-17 11:51

ᠦᠪᠦᠷ ᠮᠣᠩᠭᠣᠯ ᠤᠨ ᠰᠤᠶᠤᠯ  ᠳᠠᠭᠤ ᠲᠦᠷᠰᠤ ᠢᠢᠨ ᠬᠡᠪᠯᠡᠯ ᠤᠨ ᠬᠤᠷᠢᠶᠠᠨ ᠤ ᠠᠵᠢᠯᠲᠠᠨ ᠭᠤᠸᠩᠳ᠋ᠦ᠋ᠩ ᠮᠤᠵᠢ ᠶᠢᠨ ᠦᠵᠡᠰᠭᠦᠯᠡᠩ ᠤᠨ ᠲᠢᠩᠬᠢᠮ ᠳᠤ ᠤᠷᠪᠠᠭᠤ ᠫᠢᠷᠠᠮᠢᠳ᠋ ᠰᠤᠷᠪᠤᠭ᠎ᠠ ᠶᠢᠨ ᠾᠤᠯᠤᠭ᠍ᠷᠠᠹᠢᠺ ᠲᠦᠷᠰᠤ ᠶᠢ ᠦᠢᠯᠡᠭᠠᠵᠤ ᠪᠠᠶᠢᠭ᠎ᠠ ᠨᠢ

ᠦᠪᠦᠷ ᠮᠣᠩᠭᠣᠯ ᠤᠨ ᠰᠤᠶᠤᠯ ᠳᠠᠭᠤ ᠲᠦᠷᠰᠤ ᠶᠢᠨ ᠬᠡᠪᠯᠡᠯ ᠤᠨ ᠬᠤᠷᠢᠶᠠᠨ ᠤ ᠠᠵᠢᠯᠲᠠᠨ3D ᠬᠡᠪᠯᠡᠬᠦ ᠮᠠᠰᠢᠨ ᠢ ᠬᠡᠷᠡᠭᠯᠡᠬᠦ ᠠᠷᠭ᠎ᠠ ᠶᠢ ᠤᠶᠢᠯᠠᠭᠠᠵᠤ ᠪᠠᠶᠢᠭ᠎ᠠ ᠨᠢ

    5 ᠰᠠᠷ᠎ᠠ ᠶᠢᠨ 15 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ( ᠱᠸᠨᠵᠸᠠᠨ) ᠤᠯᠠᠨ ᠤᠯᠤᠰ ᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠬᠤᠳᠠᠯᠳᠤᠭᠠᠨ ᠤ ᠬᠠᠮᠤᠭ ᠤᠨ ᠰᠡᠭᠦᠯᠴᠢ ᠶᠢᠨ ᠡᠳᠦᠷ ᠪᠤᠯᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠷᠢᠮ ᠦᠵᠡᠰᠭᠦᠯᠡᠩ ᠳᠤ ᠤᠷᠤᠯᠴᠠᠭᠰᠠᠨ ᠪᠠᠶᠢᠭᠤᠯᠤᠯᠭ᠎ᠠ ᠶᠢᠨ ᠠᠵᠢᠯᠲᠠᠳ ᠪᠤᠰᠤᠳ ᠦᠵᠡᠰᠭᠦᠯᠡᠩ ᠤᠨ ᠲᠢᠩᠭᠢᠮ ᠳᠤ ᠬᠦᠷᠴᠤ ᠰᠤᠶᠤᠯ ᠤᠨ ᠰᠢᠨ᠎ᠠ ᠶᠢ ᠡᠭᠦᠳᠦᠭᠰᠡᠨ ᠠᠵᠤ ᠠᠬᠤᠶᠢᠯᠠᠯ ᠤᠨ ᠬᠦᠭ᠍ᠵᠢᠯᠲᠠ ᠶᠢᠨ ᠬᠠᠨᠳᠤᠰᠢ ᠶᠢ ᠤᠶᠢᠯᠠᠭᠠᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠪᠠ᠃

    《ᠠᠷᠭᠠᠯ ᠤᠨ ᠤᠳᠤᠭ᠎ᠠ ᠰᠤᠭᠤᠨᠠᠭᠯᠠᠭᠰᠠᠨ》 ᠮᠣᠩᠭᠣᠯ ᠭᠡᠷ ᠤᠨ ᠵᠠᠬᠪᠤᠷᠳᠡᠢ ᠴᠢᠭᠢᠭ᠍ᠵᠢᠬᠦᠯᠬᠦ ᠬᠡᠷᠡᠭᠰᠡᠯ᠂ ᠬᠢᠴᠡ ᠵᠠᠭᠪᠤᠷ ᠨᠢ ᠦᠪᠡᠷᠮᠢᠴᠡ LED ᠳ᠋ᠸᠩ᠂ ᠮᠢᠩ ᠤᠯᠤᠰ ᠤᠨ ᠦᠶ᠎ᠠ ᠳᠤ ᠫᠠᠯᠠᠩᠳᠠᠭᠰᠠᠨ ᠰᠢᠷᠯᠢᠭ᠌ ᠡᠮᠡᠭᠡᠯ ᠁ ᠰᠤᠶᠤᠯ ᠤᠨ ᠠᠵᠤ ᠦᠢᠯᠡᠰ ᠤᠨ ᠦᠵᠡᠰᠭᠦᠯᠡᠩ ᠬᠤᠳᠠᠯᠳᠤᠭᠠᠨ ᠳᠤ᠂ ᠦᠪᠦᠷ ᠮᠣᠩᠭᠣᠯ ᠤᠨ ᠦᠵᠡᠰᠭᠦᠯᠡᠩ ᠤᠨ ᠲᠢᠩᠭᠢᠮ ᠳᠤ ᠭᠤᠴᠤ ᠤᠷᠠᠯᠠᠯ ᠪᠦᠬᠦᠢ ᠰᠤᠶᠤᠯ ᠤᠨ ᠰᠢᠨ᠎ᠠ ᠡᠭᠦᠳᠦᠯᠲᠠ ᠶᠢᠨ ᠪᠦᠲᠦᠭᠡᠭ᠍ᠲᠡᠭᠦᠨ ᠬᠦᠮᠦᠰ ᠲᠤ ᠲᠠᠯ᠎ᠠ ᠨᠤᠲᠤᠭ ᠤᠨ ᠰᠤᠶᠤᠯ ᠤᠨ ᠭᠠᠶᠢᠬᠠᠮᠰᠢᠭ ᠢ ᠬᠠᠷᠠᠭᠤᠯᠵᠠᠢ᠃

ᠤᠷᠠᠨ ᠰᠡᠳᠬᠢᠬᠦᠢ ᠲᠠᠢ ᠳᠠᠭᠤᠤ ᠬᠦᠭ᠍ᠵᠢᠮ ᠨᠡᠪᠲᠡᠷᠡᠭᠦᠯᠬᠦ ᠬᠡᠷᠡᠭᠰᠡᠯ ᠬᠦᠮᠦᠰ ᠤᠨ ᠰᠤᠨᠢᠷᠬᠠᠯ ᠢ ᠲᠠᠲᠠᠪᠠ

ᠤᠯᠠᠨ ᠦᠩᠭᠡᠲᠤ ᠴᠠᠭᠠᠰᠤᠨ ᠬᠠᠶᠢᠴᠢᠯᠠᠪᠤᠷᠢ ᠬᠦᠮᠦᠰ ᠤᠨ ᠠᠩᠬᠠᠷᠤᠯ ᠢ ᠲᠠᠲᠠᠪᠠ

ᠬᠦᠮᠦᠰ ᠤᠷᠠᠨ ᠰᠡᠳᠬᠢᠬᠦᠢ ᠪᠦᠬᠦᠢ ᠪᠦᠲᠦᠭᠡᠭ᠍ᠲᠡᠬᠦᠨ ᠢ ᠬᠤᠳᠠᠯᠳᠤᠨ ᠠᠪᠴᠤ ᠪᠠᠶᠢᠭ᠎ᠠ ᠨᠢ

LED ᠳ᠋ᠸᠩ

ᠮᠤᠷᠢᠨ ᠬᠤᠭᠤᠷ ᠤᠨ ᠬᠡᠯᠪᠡᠷᠢᠲᠠᠢ U ᠲᠠᠪᠠᠭ

ᠮᠤᠷᠢᠨ ᠬᠤᠭᠤᠷ ᠤᠨ ᠬᠡᠯᠪᠡᠷᠢᠲᠠᠢ ᠳᠠᠭᠤᠤ ᠬᠦᠭ᠍ᠵᠢᠮ ᠨᠡᠪᠲᠡᠷᠡᠭᠦᠯᠬᠦ ᠬᠡᠷᠡᠭᠰᠡᠯ

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120987188