蒙古文网站Logo
ᠰᠢᠨᠬᠤᠸᠠ ᠮᠤᠩᠭ᠋ᠤᠯ ᠨᠧᠲ

ᠢᠷᠡᠬᠦ ᠭᠤᠷᠪᠠᠨ ᠬᠤᠨᠤᠭ ᠦᠪᠦᠷ ᠮᠤᠩᠭ᠋ᠤᠯ ᠤᠨ ᠵᠠᠷᠢᠮ ᠪᠦᠰᠡ ᠨᠤᠲᠤᠭ ᠢᠶᠡᠷ 35 ᠭ᠍ᠷᠠᠳᠦ᠋ᠰ ᠡᠴᠡ ᠲᠡᠭᠡᠭ᠍ᠰᠢᠬᠢ ᠦᠨᠳᠦᠷ ᠬᠠᠯᠠᠭᠤᠨ ᠴᠠᠭ ᠠᠭᠠᠷ ᠢᠯᠡᠷᠡᠨ᠎ᠡ

2017-05-18 08:30

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 5 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ) ᠦᠪᠦᠷ ᠮᠤᠩᠭ᠋ᠤᠯ ᠤᠨ ᠴᠠᠭ ᠠᠭᠤᠷ ᠤᠨ ᠬᠤᠷᠢᠶᠠᠨ ᠡᠴᠡ ᠤᠶᠢᠯᠠᠭᠠᠭᠰᠠᠨ ᠢᠶᠡᠷ᠂ ᠰᠡᠬᠦᠯ ᠤᠨ ᠦᠶ᠎ᠠ ᠳ᠋ᠤ ᠦᠪᠦᠷ ᠮᠤᠩᠭ᠋ᠤᠯ ᠤᠨ ᠤᠯᠠᠩᠬᠢ ᠭᠠᠵᠠᠷ ᠤᠨ ᠠᠭᠠᠷ ᠤᠨ ᠲᠤᠯᠠᠭᠠᠨ 30 ᠭ᠍ᠷᠠᠳᠦ᠋ᠰ ᠢ ᠲᠠᠪᠠᠵᠤ᠂ ᠲᠡᠦᠬᠡ ᠶᠢᠨ ᠠᠳᠠᠯᠢ ᠬᠤᠭᠤᠴᠠᠭᠠᠨ ᠤ ᠬᠢ ᠡᠴᠡ ᠦᠨᠳᠦᠷ ᠪᠤᠯᠤᠭᠰᠠᠨ ᠪᠠᠶᠢᠨ᠎ᠠ᠃ ᠢᠷᠡᠬᠦ ᠭᠤᠷᠪᠠᠨ ᠬᠤᠨᠤᠭ ᠦᠪᠦᠷ ᠮᠤᠩᠭ᠋ᠤᠯ ᠤᠨ ᠤᠯᠠᠩᠬᠢ ᠭᠠᠵᠠᠷ ᠤᠨ ᠠᠭᠠᠷ ᠤᠨ ᠲᠤᠯᠠᠭᠠᠨ 35 ᠭ᠍ᠷᠠᠳᠦ᠋ᠰ ᠡᠴᠡ ᠲᠡᠭᠡᠭ᠍ᠰᠢ ᠪᠤᠯᠵᠤ᠂ ᠵᠡᠬᠦᠨ ᠪᠦᠰᠡ ᠳ᠋ᠤ 38 ᠭ᠍ᠷᠠᠳᠦ᠋ᠰ ᠡᠴᠡ ᠲᠡᠭᠡᠭ᠍ᠰᠢ ᠦᠨᠳᠦᠷ ᠬᠠᠯᠠᠭᠤᠨ ᠴᠠᠭ ᠠᠭᠠᠷ ᠢᠯᠡᠷᠡᠨ᠎ᠡ ᠭᠡᠵᠦ ᠲᠤᠭᠠᠴᠠᠭᠠᠯᠠᠪᠠ᠃

    5 ᠰᠠᠷ᠎ᠠ ᠶᠢᠨ 17 ᠤ ᠡᠲᠦᠷ ᠤᠨ 20᠄ 00 ᠴᠠᠭ ᠡᠴᠡ 5 ᠰᠠᠷ᠎ᠠ ᠶᠢᠨ 18 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠬᠤᠶᠢᠲᠤ ᠪᠦᠰᠡ ᠳ᠋ᠤ ᠲᠤᠩᠭ᠋ᠠᠯᠠᠭᠰᠢᠨ᠎ᠡ᠂ ᠪᠤᠰᠤᠳ ᠭᠠᠵᠠᠷ ᠲᠤ ᠡᠭᠦᠯᠡᠰᠢᠨ᠎ᠡ᠃ ᠲᠤᠮᠲᠠ ᠪᠦᠰᠡ ᠶᠢᠨ ᠵᠡᠬᠦᠨ ᠬᠡᠰᠡᠭ ᠪᠠ ᠵᠡᠬᠦᠨ ᠬᠤᠶᠢᠲᠤ ᠬᠡᠰᠡᠭ ᠲᠤ ᠪᠠᠷᠠᠭᠤᠨ ᠬᠤᠶᠢᠨ᠎ᠠ ᠡᠴᠡ 4 – 5 ᠲᠡᠰ ᠤᠨ ᠰᠠᠯᠬᠢ ᠲᠠᠢ᠂ ᠵᠡᠬᠦᠨ ᠡᠮᠦᠨ᠎ᠡ ᠪᠦᠰᠡ ᠳ᠋ᠤ ᠪᠠᠷᠠᠭᠤᠨ ᠡᠮᠦᠨ᠎ᠡ ᠡᠴᠡ 4 – 5 ᠲᠡᠰ ᠤᠨ ᠰᠠᠯᠬᠢ ᠲᠠᠢ᠃ ᠠᠯᠠᠱᠠ ᠶᠢᠨ ᠬᠤᠶᠢᠲᠤ ᠪᠦᠰᠡ᠂ ᠲᠦᠩᠯᠢᠶᠤᠤ ᠶᠢᠨ ᠡᠮᠦᠨ᠎ᠡ ᠪᠦᠰᠡ ᠳ᠋ᠤ 35 ᠭ᠍ᠷᠠᠳᠦ᠋ᠰ ᠡᠴᠡ ᠲᠡᠭᠡᠭ᠍ᠰᠢ ᠦᠨᠳᠦᠷ ᠬᠠᠯᠠᠭᠤᠨ ᠴᠠᠭ ᠠᠭᠠᠷ ᠢᠯᠡᠷᠡᠨ᠎ᠡ᠃

    5 ᠰᠠᠷ᠎ᠠ ᠶᠢᠨ 18 ᠤ ᠡᠲᠦᠷ ᠤᠨ 20᠄ 00 ᠴᠠᠭ ᠡᠴᠡ 5 ᠰᠠᠷ᠎ᠠ ᠶᠢᠨ 19 ᠤ ᠡᠲᠦᠷ ᠤᠨ 20᠄ 00 ᠴᠠᠭ ᠪᠤᠯᠲᠠᠯ᠎ᠠ ᠦᠪᠦᠷ ᠮᠤᠩᠭ᠋ᠤᠯ ᠤᠨ ᠶᠡᠬᠡᠩᠬᠢ ᠪᠦᠰᠡ ᠳ᠋ᠤ ᠡᠭᠦᠯᠡᠰᠢᠨ᠎ᠡ᠃ ᠵᠡᠬᠦᠨ ᠬᠤᠶᠢᠲᠤ ᠪᠦᠰᠡ ᠳ᠋ᠤ ᠪᠠᠷᠠᠭᠤᠨ ᠬᠤᠶᠢᠨ᠎ᠠ ᠡᠴᠡ 4 – 5 ᠲᠡᠰ ᠤᠨ ᠰᠠᠯᠬᠢ ᠲᠠᠢ᠃ ᠠᠯᠠᠱᠠ ᠶᠢᠨ ᠬᠤᠶᠢᠲᠤ ᠪᠦᠰᠡ᠂ ᠲᠦᠩᠯᠢᠶᠤᠤ ᠶᠢᠨ ᠡᠮᠦᠨ᠎ᠡ ᠪᠦᠰᠡ ᠳ᠋ᠤ 35 ᠭ᠍ᠷᠠᠳᠦ᠋ᠰ ᠡᠴᠡ ᠲᠡᠭᠡᠭ᠍ᠰᠢ ᠦᠨᠳᠦᠷ ᠬᠠᠯᠠᠭᠤᠨ ᠴᠠᠭ ᠠᠭᠠᠷ ᠢᠯᠡᠷᠡᠨ᠎ᠡ᠃

    5 ᠰᠠᠷ᠎ᠠ ᠶᠢᠨ 19 ᠤ ᠡᠲᠦᠷ ᠤᠨ 20᠄ 00 ᠴᠠᠭ ᠡᠴᠡ 5 ᠰᠠᠷ᠎ᠠ ᠶᠢᠨ 20 ᠤ ᠡᠲᠦᠷ ᠤᠨ 20᠄ 00 ᠴᠠᠭ ᠪᠤᠯᠲᠠᠯ᠎ᠠ᠂ ᠦᠪᠦᠷ ᠮᠤᠩᠭ᠋ᠤᠯ ᠤᠨ ᠲᠤᠮᠲᠠ ᠪᠦᠰᠡ ᠶᠢᠨ ᠵᠡᠬᠦᠨ ᠬᠡᠰᠡᠭ ᠪᠠ ᠵᠡᠬᠦᠨ ᠪᠦᠰᠡ ᠳ᠋ᠤ ᠡᠬᠦᠯᠡ ᠲᠠᠢ᠂ ᠰᠢᠯᠢ ᠶᠢᠨ ᠭᠤᠤᠯ ᠤᠨ ᠵᠡᠬᠦᠨ ᠪᠦᠰᠡ᠂ ᠤᠯᠠᠭᠠᠨᠬᠠᠲᠠ ᠶᠢᠨ ᠵᠡᠬᠦᠨ ᠬᠤᠶᠢᠲᠤ ᠪᠦᠰᠡ᠂ ᠲᠦᠩᠯᠢᠶᠤᠤ ᠶᠢᠨ ᠬᠤᠶᠢᠲᠤ ᠪᠦᠰᠡ᠂ ᠬᠢᠩᠭ᠋ᠠᠨ ᠤ ᠡᠮᠦᠨ᠎ᠡ ᠪᠦᠰᠡ ᠳ᠋ᠤ ᠪᠠᠭ᠎ᠠ ᠪᠤᠷᠤᠭᠠᠨ ᠤᠷᠤᠨ᠎ᠠ᠂ ᠪᠤᠰᠤᠳ ᠭᠠᠵᠠᠷ ᠲᠤ ᠡᠭᠦᠯᠡᠰᠢᠨ᠎ᠡ᠃ ᠲᠤᠮᠲᠠ ᠪᠦᠰᠡ ᠶᠢᠨ ᠬᠤᠶᠢᠲᠤ ᠬᠡᠰᠡᠭ ᠲᠤ ᠵᠡᠬᠦᠨ ᠡᠴᠡ 4 - 5 ᠲᠡᠰ ᠤᠨ ᠰᠠᠯᠬᠢ ᠲᠠᠢ᠃

    ᠴᠠᠭ ᠠᠭᠠᠷ ᠤᠨ ᠬᠤᠪᠢᠷᠠᠯᠲᠠ ᠶᠢ ᠪᠠᠶᠢᠩᠭ᠋ᠤ ᠠᠩᠬᠠᠷᠤᠨ ᠠᠮᠢᠲᠤᠷᠠᠯ ᠦᠢᠯᠡᠳᠪᠦᠷᠢᠯᠡᠯ ᠲᠤᠬᠢᠷᠠᠭᠤᠯᠵᠤ᠂ ᠨᠠᠷᠠᠰᠢᠬᠤ ᠡᠴᠡ ᠬᠢᠴᠢᠶᠠᠭᠡᠷᠡᠢ ᠬᠡᠮᠡᠨ ᠴᠠᠭ ᠠᠭᠠᠷ ᠤᠨ ᠰᠠᠯᠠᠭ᠎ᠠ ᠮᠦᠴᠢᠷ ᠤᠨ ᠬᠢᠨ ᠰᠠᠨᠠᠭᠤᠯᠵᠤ ᠪᠠᠶᠢᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120991624