蒙古文网站Logo
ᠰᠢᠨᠬᠤᠸᠠ ᠮᠤᠩᠭ᠋ᠤᠯ ᠨᠧᠲ

4 ᠮᠤᠵᠢ ᠤᠷᠤᠨ ᠬᠠᠮᠲᠤᠷᠠᠵᠤ ᠰᠠᠭᠠᠳ ᠦᠭᠡᠢ ᠵᠢᠭᠤᠯᠴᠢᠯᠠᠯ ᠤᠨ ᠪᠦᠰᠡ ᠶᠢ ᠪᠠᠶᠢᠭᠤᠯᠬᠤ ᠪᠡᠷ ᠪᠤᠢ 

2017-05-23 11:54

    ᠰᠢᠨᠬᠤᠸᠠ ᠬᠤᠷᠢᠶ᠎ᠠ  ᠬᠦᠬᠡᠬᠤᠲᠠ ᠶᠢᠨ 5 ᠰᠠᠷ ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠯᠢ ᠶᠦᠨ ᠫᠢᠩ)  ᠰᠤᠷᠪᠤᠯᠵᠢᠯᠠᠭᠴᠢ 22 ᠤ ᠡᠳᠦᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠱᠠᠨᠰᠢ ᠮᠤᠵᠢ᠂ ᠭᠠᠨᠰᠤ ᠮᠤᠵᠢ᠂ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠰᠠᠯᠠᠭ᠎ᠠ ᠮᠦᠴᠢᠷ ᠲᠦᠷᠦᠭᠦᠬᠡᠨ ᠵᠢᠭᠤᠯᠴᠢᠯᠠᠯ ᠤᠨ ᠬᠠᠮᠲᠤ ᠶᠢᠨ ᠠᠵᠢᠯᠯᠠᠭᠠᠨ ᠤ ᠲᠤᠶᠢᠮᠤ ᠬᠡᠯᠡᠯᠴᠡᠭᠡᠷ ᠪᠤᠯᠤᠨ ᠬᠤᠯᠪᠤᠭᠠᠯᠠᠨ ᠬᠠᠮᠲᠤᠷᠠᠬᠤ ᠰᠠᠨᠠᠮᠵᠢ ᠶᠢᠨ ᠪᠢᠴᠢᠭ᠌ ᠲᠤ ᠭᠠᠷ ᠤᠨ ᠦᠰᠦᠭ ᠵᠢᠷᠤᠵᠤ᠂ ᠰᠠᠭᠠᠳ ᠦᠭᠡᠢ ᠵᠢᠭᠤᠯᠴᠢᠯᠠᠯ ᠤᠨ ᠪᠦᠰᠡ ᠶᠢ ᠬᠠᠮᠲᠤᠪᠠᠷ ᠪᠠᠶᠢᠭᠤᠯᠬᠤ ᠪᠡᠷ ᠪᠤᠢ᠃

    ᠬᠠᠮᠲᠤ ᠶᠢᠨ ᠠᠵᠢᠯᠯᠠᠭᠠᠨ ᠤ ᠲᠤᠬᠢᠷᠠᠭᠤᠯᠤᠯᠲᠠ ᠶᠢ ᠦᠨᠳᠦᠰᠦᠯᠡᠪᠡᠯ᠂ 4 ᠮᠤᠵᠢ ᠤᠷᠤᠨ ᠡᠯ᠎ᠠ ᠪᠦᠰᠡ ᠨᠤᠲᠤᠭ ᠤᠨ ᠵᠢᠭᠤᠯᠴᠢᠯᠠᠯ ᠤᠨ ᠦᠢᠯᠡᠰ ᠤᠨ ᠬᠤᠭᠤᠷᠤᠨᠳᠤᠬᠢ ᠠᠵᠢᠯ ᠮᠡᠷᠭᠡᠵᠢᠯ ᠤᠨ ᠬᠠᠮᠲᠤ ᠶᠢᠨ ᠠᠵᠢᠯᠯᠠᠭ᠎ᠠ ᠶᠢ ᠵᠤᠷᠢᠭᠵᠢᠭᠤᠯᠵᠤ᠂ ᠬᠠᠲᠤᠨ ᠭᠤᠤᠯ ᠤᠨ ᠵᠢᠭᠤᠯᠴᠢᠯᠠᠯ ᠤᠨ ᠪᠦᠰᠡ ᠶᠢ ᠬᠠᠮᠲᠤ ᠪᠡᠷ ᠴᠤᠭᠴᠠᠯᠠᠨ᠂ ᠪᠦᠰᠡ ᠨᠤᠲᠤᠭ ᠤᠨ ᠤᠨᠴᠠᠯᠢᠭ ᠪᠤᠯᠤᠨ ᠰᠤᠶᠤᠯ ᠤᠨ ᠠᠭᠤᠯᠤᠭᠲᠠᠬᠤᠨ ᠲᠠᠢ ᠵᠢᠭᠤᠯᠴᠢᠯᠠᠯ ᠤᠨ ᠦᠢᠯᠡᠳᠬᠦᠨ ᠢ ᠬᠠᠮᠲᠤ ᠪᠡᠷ ᠬᠦᠭ᠍ᠵᠢᠭᠦᠯᠵᠤ᠂ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠡᠷ ᠡᠳ᠋ᠯᠡᠬᠦ᠂ ᠵᠠᠬ᠎ᠠ ᠵᠡᠭᠡᠯᠢ ᠶᠢᠨ ᠬᠤᠯᠪᠤᠭᠠᠯᠴᠠᠯ᠂ ᠰᠤᠷᠠᠭ ᠵᠠᠩᠭᠢ ᠶᠢᠨ ᠨᠠᠪᠲᠠᠷᠡᠯᠴᠡᠯ  ᠢ ᠪᠡᠶᠡᠯᠡᠭᠦᠯᠵᠤ᠂ ᠵᠢᠭᠤᠯᠴᠢᠯᠠᠯ ᠤᠨ ᠡᠳ᠋ ᠤᠨ ᠵᠠᠰᠠᠭ ᠤᠨ ᠲᠦᠷᠭᠡᠨ ᠬᠦᠭ᠍ᠵᠢᠯᠲᠠ ᠶᠢ ᠠᠬᠢᠭᠤᠯᠤᠨ᠎ᠠ᠃

    ᠤᠶᠢᠯᠠᠭᠠᠭᠰᠠᠨ ᠢᠶᠡᠷ᠂ ᠡᠨᠡᠬᠦ 4 ᠮᠤᠵᠢ ᠤᠷᠤᠨ ᠵᠢᠭᠤᠯᠴᠢᠯᠠᠯ ᠤᠨ ᠦᠢᠯᠡᠳᠬᠦᠨ ᠢ ᠨᠸᠲ ᠢᠶᠡᠷ ᠤᠬᠠᠭᠤᠯᠬᠤ ᠬᠤᠯᠪᠤᠭ᠎ᠠ ᠶᠢ ᠪᠠᠶᠢᠭᠤᠯᠵᠤ᠂ ᠵᠢᠭᠤᠯᠴᠢᠯᠠᠯ ᠢ ᠬᠦᠭ᠍ᠵᠢᠬᠦᠯᠬᠦ᠂ ᠵᠢᠭᠤᠯᠴᠢᠳ ᠢᠶᠡᠨ ᠬᠤᠪᠢᠶᠠᠯᠴᠠᠬᠤ ᠵᠡᠷᠭᠡ ᠠᠷᠭ᠎ᠠ ᠵᠠᠮ ᠢᠶᠡᠷ ᠵᠢᠭᠤᠯᠴᠢᠯᠠᠯ ᠤᠨ ᠵᠠᠬ᠎ᠠ ᠵᠡᠭᠡᠯᠢ ᠶᠢ ᠬᠠᠮᠲᠤ ᠪᠡᠷ ᠨᠡᠭᠡᠭᠡᠵᠤ᠂ ᠵᠢᠭᠤᠯᠴᠢᠯᠠᠯ ᠤᠨ ᠡᠬᠢ ᠪᠠᠶᠠᠯᠢᠭ ᠢ ᠬᠠᠷᠢᠯᠴᠠᠨ ᠨᠦᠬᠦᠪᠦᠷᠢᠯᠡᠬᠦ ᠶᠢ ᠪᠡᠶᠡᠯᠡᠭᠦᠯᠦᠨ᠂ ᠵᠢᠭᠤᠯᠴᠢᠳ ᠲᠤ ᠡᠯᠪᠡᠭ᠌ ᠪᠠᠶᠠᠯᠢᠭ ᠵᠢᠭᠤᠯᠴᠢᠯᠠᠯ ᠤᠨ ᠪᠦᠲᠦᠭᠡᠭ᠍ᠲᠡᠭᠦᠨ ᠢ ᠬᠠᠩᠭ᠋ᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121020030