蒙古文网站Logo
ᠰᠢᠨᠬᠤᠸᠠ ᠮᠤᠩᠭ᠋ᠤᠯ ᠨᠧᠲ

ᠡᠨᠡ ᠵᠢᠯ ᠠᠴᠠ ᠡᠬᠢᠯᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠯᠳᠡ ᠳᠤ ᠪᠡᠶ᠎ᠡ ᠶᠢᠨ ᠲᠠᠮᠢᠷ ᠪᠠ ᠤᠷᠠᠯᠢᠭ ᠤᠨ ᠬᠤᠪᠢ ᠨᠡᠮᠡᠬᠦ ᠦᠭᠡᠢ

2017-05-23 11:54

    ᠰᠤᠷᠭᠠᠨ ᠬᠥᠮᠦᠵᠢᠯ ᠤᠨ ᠶᠠᠮᠤᠨ ᠣᠷᠴᠢᠮᠬᠠᠨ ᠳᠤ 《2017 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠣᠷᠣᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ》 ᠨᠡᠶᠢᠲᠡᠯᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠣᠷᠣᠭᠴᠢ ᠡᠯᠰᠡᠬᠦ ᠬᠠᠮᠢᠶᠠᠷᠤᠯᠲᠠ ᠶᠢᠨ ᠠᠵᠢᠯ ᠢ ᠴᠢᠩᠭ᠋᠎ᠠ ᠵᠢᠷᠤᠮᠵᠢᠭᠤᠯᠵᠤ᠂ ᠡᠨᠡ ᠵᠢᠯ ᠠᠴᠠ ᠡᠬᠢᠯᠡᠨ ᠪᠡᠶ᠎ᠡ ᠶᠢᠨ ᠲᠠᠮᠢᠷ᠂ ᠤᠷᠠᠯᠢᠭ ᠵᠡᠷᠭᠡ ᠰᠤᠷᠤᠭᠴᠢᠳ ᠤᠨ ᠬᠤᠪᠢ ᠨᠡᠮᠡᠬᠦ ᠲᠥᠷᠥᠯ ᠵᠦᠢᠯ ᠢ ᠬᠦᠴᠦᠨ ᠦᠭᠡᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃

    《ᠮᠡᠳᠡᠭᠳᠡᠯ》 ᠳ᠋ᠤ ᠬᠤᠪᠢ ᠨᠡᠮᠡᠬᠦ ᠲᠥᠷᠥᠯ ᠵᠦᠢᠯ ᠢ ᠢᠯᠭᠠᠷᠠᠭᠤᠯᠤᠨ ᠵᠢᠷᠤᠮᠵᠢᠭᠤᠯᠵᠦ᠂ ᠬᠤᠪᠢ ᠨᠡᠮᠡᠬᠦ ᠲᠥᠷᠥᠯ ᠵᠦᠢᠯ ᠢ ᠶᠡᠭᠡ ᠪᠠᠷ ᠴᠦᠭᠡᠳᠭᠡᠬᠦ ᠪᠠ ᠴᠢᠩᠭ᠋᠎ᠠ ᠬᠢᠵᠠᠭᠠᠷᠯᠠᠵᠤ᠂ ᠪᠡᠶ᠎ᠡ ᠶᠢᠨ ᠲᠠᠮᠢᠷ᠂ ᠤᠷᠠᠯᠢᠭ ᠵᠡᠷᠭᠡ ᠰᠤᠷᠤᠭᠴᠢᠳ ᠤᠨ ᠬᠤᠪᠢ ᠨᠡᠮᠡᠬᠦ ᠲᠥᠷᠥᠯ ᠵᠦᠢᠯ ᠢ ᠬᠦᠴᠦᠨ ᠦᠭᠡᠶ ᠪᠣᠯᠭᠠᠬᠤ ᠬᠡᠷᠡᠭᠲᠡᠢ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠰᠤᠷᠤᠭᠴᠢ ᠡᠯᠰᠡᠬᠦ ᠳᠡᠭᠡᠨ᠂ ᠣᠷᠣᠨ ᠪᠦᠰᠡ ᠶᠢᠨ ᠬᠤᠭᠤᠷᠣᠨᠳᠣᠬᠢ᠂ ᠰᠤᠷᠭᠠᠭᠤᠯᠢ ᠶᠢᠨ ᠬᠤᠭᠤᠷᠣᠨᠳᠣᠬᠢ ᠰᠣᠷᠣᠭᠴᠢ ᠶᠢᠨ ᠢᠷᠡᠯᠲᠡ ᠶᠢ ᠪᠢᠲᠡᠭᠦᠮᠵᠢᠯᠡᠬᠦ ᠪᠠ ᠣᠷᠣᠨ ᠨᠤᠲᠤᠭ ᠤᠨ ᠬᠠᠮᠠᠭᠠᠯᠠᠯᠲᠠ ᠬᠢᠬᠦ ᠶᠢ ᠴᠢᠩᠭ᠋᠎ᠠ ᠴᠠᠭᠠᠵᠠᠯᠠᠬᠤ ᠬᠡᠷᠡᠭᠲᠡᠶ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠨᠢ ᠰᠣᠷᠣᠭᠴᠢ ᠶᠢᠨ ᠢᠶᠠᠨ ᠡᠷᠡᠮᠡᠯᠵᠡᠯ ᠲᠠᠭᠯᠠᠬᠤ ᠳᠤᠨᠢ ᠭᠠᠷ ᠲᠦᠷᠦᠭᠦ ᠪᠤᠶᠤ ᠣᠷᠣᠯᠠᠵᠤ ᠲᠠᠭᠯᠠᠬᠤ ᠶᠢ ᠴᠢᠩᠭ᠋᠎ᠠ ᠴᠠᠭᠠᠵᠠᠯᠠᠬᠤ ᠬᠡᠷᠡᠭᠲᠡᠶ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠪᠠᠭᠰᠢ ᠨᠢ ᠰᠣᠷᠣᠭᠴᠢ ᠡᠯᠰᠡᠬᠦ ᠶᠠᠪᠤᠴᠠ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠶᠠᠮᠠᠷᠪᠠ ᠨᠡᠷ᠎ᠡ ᠪᠠᠷ ᠵᠠᠷᠤᠳᠠᠯ ᠪᠤᠶᠤ ᠡᠳ᠋ ᠪᠣᠳᠠᠰ ᠠᠪᠬᠤ ᠶᠢ ᠴᠢᠩᠭ᠋᠎ᠠ ᠴᠠᠭᠠᠵᠠᠯᠠᠬᠤ ᠬᠡᠷᠡᠭᠲᠡᠶ᠃ ᠬᠤᠳᠠᠯ ᠬᠠᠭᠤᠷᠮᠠᠭ ᠤᠬᠠᠭᠤᠯᠭ᠎ᠠ ᠬᠢᠵᠦ ᠰᠣᠷᠣᠭᠴᠢ ᠶᠢ ᠮᠡᠬᠡᠯᠡᠵᠦ ᠬᠠᠭᠤᠷᠬᠤ ᠦᠢᠯᠡ ᠠᠵᠢᠯᠯᠠᠭ᠎ᠠ ᠶᠢ ᠴᠢᠩᠭ᠋᠎ᠠ ᠴᠠᠭᠠᠵᠠᠯᠠᠬᠤ ᠬᠡᠷᠡᠭᠲᠡᠶ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠳᠤ᠂ ᠠᠯᠪᠠᠨ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠲᠥᠯᠥᠪᠯᠡᠭᠡ ᠪᠠᠨ ᠳᠠᠪᠠᠭᠤᠯᠬᠤ ᠪᠠ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠨᠡᠷ᠎ᠡ ᠪᠠᠷ ᠲᠣᠭᠲᠠᠭᠠᠯ ᠠᠴᠠ ᠵᠥᠷᠢᠴᠡᠵᠦ ᠣᠷᠣᠨ ᠪᠦᠰᠡ ᠠᠯᠤᠰᠯᠠᠨ ᠰᠣᠷᠣᠭᠴᠢ ᠡᠯᠰᠡᠬᠦ ᠶᠢ ᠴᠢᠩᠭ᠋᠎ᠠ ᠴᠠᠭᠠᠵᠠᠯᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭ᠋ᠠᠳᠬᠠᠬᠤ ᠬᠡᠷᠡᠭᠲᠡᠢ ᠭᠡᠵᠦ ᠱᠠᠭᠠᠷᠳᠠᠪᠠ᠃

    《ᠮᠡᠳᠡᠭᠳᠡᠯ》 ᠳ᠋ᠤ ᠪᠠᠰᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠨᠢᠭᠡᠳᠦᠯᠲᠡᠶ ᠲᠥᠯᠥᠪᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠪᠦᠲᠦᠴᠡ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠲᠦᠴᠡ ᠪᠠᠶᠢᠷᠢᠰᠢᠯ ᠢ ᠰᠢᠯᠢᠳᠡᠭᠵᠢᠭᠦᠯᠵᠦ᠂ ᠬᠥᠮᠦᠨ ᠠᠮᠠ ᠲᠥᠪᠯᠡᠷᠡᠭᠰᠡᠨ ᠪᠠ ᠠᠵᠤ ᠦᠢᠯᠡᠰ ᠤᠨ ᠬᠥᠭ᠍ᠵᠢᠯᠲᠡ ᠶᠢᠨ ᠬᠡᠷᠡᠭᠴᠡᠭᠡ ᠪᠦᠬᠦᠢ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠨᠢᠭᠡ ᠪᠦᠯᠦᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠠᠶᠢᠲᠤᠷ ᠪᠠᠶᠢᠭᠤᠯᠬᠤ ᠬᠡᠷᠡᠭᠲᠡᠢ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠤᠰᠬᠠᠶ ᠣᠷᠣᠨ ᠤ ᠳᠡᠰ ᠤᠨ ᠬᠤᠲᠠ (ᠵᠧᠦ᠂ ᠠᠶᠢᠮᠠᠭ) ᠨᠢᠭᠡᠪᠦᠷᠢ  ᠶᠢ ᠭᠤᠣᠯᠳᠠᠯᠭ᠎ᠠ ᠲᠠᠢ ᠳᠡᠮᠵᠢᠵᠦ᠂ ᠲᠤᠬᠠᠶ ᠶᠢᠨ ᠭᠠᠵᠠᠷ ᠤᠨ ᠡᠳ᠋ ᠤᠨ ᠵᠠᠰᠠᠬ ᠨᠡᠶᠢᠭᠡᠮ ᠤᠨ ᠬᠥᠭ᠍ᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ  ᠶᠢ ᠨᠠᠭᠠᠳᠤ ᠵᠠᠬ᠎ᠠ ᠳ᠋ᠠᠭᠠᠨ ᠨᠢᠭᠡ ᠶᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠶᠡᠭᠡ ᠬᠡᠪᠴᠢᠶ᠎ᠡ ᠪᠠᠷ ᠪᠠᠶᠢᠭᠤᠯᠬᠤ ᠶᠢ ᠰᠡᠷᠭᠡᠶᠢᠯᠡᠨ ᠬᠤᠷᠢᠭᠯᠠᠵᠤ᠂ ᠬᠡᠲᠦ ᠤᠯᠠᠨ ᠰᠤᠷᠤᠬᠴᠢ ᠲᠡᠢ ᠠᠩᠬᠢ ᠶᠢᠨ ᠦᠵᠡᠭᠳᠡᠯ ᠢ ᠠᠯᠬᠤᠮ ᠠᠯᠬᠤᠮ ᠢᠶᠠᠷ ᠦᠭᠡᠶᠢᠰᠬᠡᠬᠦ ᠬᠡᠷᠡᠭᠲᠡᠢ ᠭᠡᠵᠦ ᠱᠠᠭᠠᠷᠳᠠᠪᠠ᠃

    ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠵᠢᠯᠳᠡᠨ ᠤ ᠲᠠᠨᠢᠯᠴᠠᠭᠤᠯᠤᠭᠰᠠᠨ ᠢᠶᠠᠷ᠂ ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠰᠤᠷᠤᠭᠴᠢ ᠡᠯᠰᠡᠬᠦ ᠥᠭᠡᠷᠡᠴᠢᠯᠡᠯᠲᠡ ᠶᠢᠨ ᠴᠢᠭᠯᠡᠯ ᠨᠢ ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠲᠠᠢ ᠨᠢᠭᠡᠲᠦᠯᠲᠡᠢ ᠶᠤᠮ᠂ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠬᠢᠨᠠᠮᠠᠭᠠᠶ ᠰᠠᠶᠢᠲᠤᠷ ᠲᠤᠤᠱᠯᠠᠭᠤᠯᠤᠨ ᠬᠡᠷᠡᠭᠵᠢᠭᠦᠯᠦᠨ᠎ᠡ ᠭᠡᠪᠡ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121020047