蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠰᠦᠨᠢ ᠶᠢᠨ ᠠᠦ᠋ᠲ᠋ᠤᠪᠦ᠋ᠰ ᠨᠡᠪᠲᠡᠷᠡᠭᠦᠯᠬᠦ ᠪᠡᠷ ᠲᠦᠯᠦᠪᠯᠡᠵᠤ ᠪᠤᠢ

2017-05-24 11:56

    ᠦᠨᠦ ᠵᠢᠯ᠂ ᠬᠦᠬᠡᠬᠤᠲᠠ ᠶᠢᠨ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ ᠢᠷᠭᠡᠳ ᠲᠤ ᠳᠦᠭᠦᠮ ᠦᠵᠡᠭᠦᠯᠬᠦ ᠶᠢᠨ ᠲᠦᠯᠦᠭᠡ ᠰᠦᠨᠢ ᠶᠢᠨ ᠠᠦ᠋ᠲ᠋ᠤᠪᠦ᠋ᠰ ᠨᠡᠪᠲᠡᠷᠡᠭᠦᠯᠬᠦ ᠪᠡᠷ ᠪᠤᠢ᠃

    ᠰᠤᠷᠪᠤᠯᠵᠢᠯᠠᠭᠴᠢ ᠬᠦᠬᠡᠬᠤᠲᠠ ᠶᠢᠨ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ ᠡᠴᠡ ᠤᠶᠢᠯᠠᠭᠠᠭᠰᠠᠨ ᠢᠶᠡᠷ᠂ ᠤᠳᠤᠬᠠᠨ ᠳᠤ᠂ ᠠᠦ᠋ᠲ᠋ᠤᠪᠦ᠋ᠰ ᠤᠨ ᠰᠠᠯᠠᠭ᠎ᠠ ᠮᠦᠴᠢᠷ ᠬᠤᠲᠠ ᠶᠢᠨ ᠭᠤᠤᠯ ᠬᠤᠳᠠᠯᠳᠤᠭᠠᠨ ᠤ ᠲᠤᠭᠤᠷᠢᠭ ᠪᠤᠯᠤᠨ ᠬᠦᠮᠦᠨ ᠠᠮᠠ ᠨᠢᠬᠲᠠ ᠭᠠᠵᠠᠷ ᠲᠤ ᠪᠠᠶᠢᠴᠠᠭᠠᠨ ᠰᠤᠳᠤᠯᠭ᠎ᠠ ᠬᠢᠵᠤ ᠪᠠᠶᠢᠨ᠎ᠠ᠂ ᠤᠷᠢᠳᠴᠢᠯᠠᠨ ᠲᠤᠭᠠᠴᠠᠭᠠᠯᠠᠭᠰᠠᠨ ᠢᠶᠡᠷ 6 ᠰᠠᠷ᠎ᠠ ᠶᠢᠨ ᠰᠡᠭᠦᠯᠴᠢ ᠳᠤ ᠰᠦᠨᠢ ᠶᠢᠨ ᠠᠦ᠋ᠲ᠋ᠤᠪᠦ᠋ᠰ ᠢ ᠨᠡᠪᠲᠡᠷᠡᠭᠦᠯᠬᠦ ᠪᠡᠷ ᠪᠤᠢ᠃

    ᠤᠶᠢᠯᠠᠭᠠᠨᠰᠠᠨ ᠢᠶᠡᠷ᠂ ᠤᠳᠤᠬᠠᠨ ᠳᠤ ᠰᠦᠨᠢ ᠶᠢᠨ ᠠᠦ᠋ᠲ᠋ᠤᠪᠦ᠋ᠰ ᠤᠨ ᠲᠦᠯᠦᠪᠯᠡᠭᠡᠲᠤ ᠵᠠᠮ ᠱᠤᠭᠤᠮ ᠳᠤ ᠰᠢᠨᠬᠤᠸᠠ ᠶᠡᠬᠡ ᠵᠡᠭᠡᠯᠢ᠂ ᠵᠦ᠋ᠩ ᠱᠠᠨ ᠪᠠᠷᠠᠭᠤᠨ ᠵᠠᠮ᠂ ᠵᠦᠩ ᠱᠠᠨ ᠵᠡᠭᠦᠨ ᠵᠠᠮ᠂ ᠲᠦᠩ ᠳ᠋ᠤᠤ ᠵᠠᠮ᠂ ᠬᠠᠶᠢᠯᠠᠷ ᠶᠡᠬᠡ ᠵᠡᠭᠡᠯᠢ ᠵᠡᠷᠭᠡ ᠪᠠᠭᠲᠠᠵᠤ ᠪᠠᠶᠢᠨ᠎ᠠ᠃ ᠡᠭᠦᠨ ᠤ ᠬᠠᠮᠲᠤ᠂ ᠬᠦᠬᠡᠬᠤᠲᠠ ᠶᠢᠨ ᠭᠠᠯᠲᠤ ᠲᠡᠷᠭᠡᠨ ᠦᠷᠲᠡᠭᠡ ᠪᠤᠯᠤᠨ ᠬᠦᠬᠡᠬᠤᠲᠠ ᠶᠢᠨ ᠭᠠᠯᠲᠤ ᠲᠡᠷᠭᠡᠨ ᠤ ᠵᠡᠭᠦᠨ ᠦᠷᠲᠡᠭᠡ ᠶᠢᠨ ᠬᠤᠭᠤᠷᠤᠨᠲᠤ ᠬᠦᠮᠦᠨ ᠠᠷᠪᠢᠨ ᠪᠠᠶᠢᠳᠠᠭ ᠡᠴᠡ ᠠᠦ᠋ᠲ᠋ᠤᠪᠦ᠋ᠰ ᠤᠨ ᠺᠤᠮᠫᠠᠨᠢ ᠳᠠᠷᠠᠭᠠᠴᠢ ᠶᠢᠨ ᠠᠯᠬᠤᠮ ᠳᠤ ᠬᠤᠶᠠᠷ ᠦᠷᠲᠡᠭᠡᠨ ᠤ ᠬᠤᠭᠤᠷᠤᠨᠲᠤᠬᠢ ᠠᠶᠠᠯᠠᠬᠤ ᠴᠠᠭ ᠢ ᠤᠷᠳᠤᠳᠬᠠᠬᠤ ᠪᠤᠶᠤ ᠰᠢᠭᠤᠳ ᠬᠦᠷᠬᠦ ᠱᠤᠭᠤᠮ ᠢ ᠰᠢᠨ᠎ᠠ ᠪᠡᠷ ᠨᠡᠭᠡᠭᠡᠨ᠎ᠠ᠃

    ᠡᠭᠦᠨ ᠡᠴᠡ ᠭᠠᠳᠠᠨ᠎ᠠ᠂ ᠵᠤᠨ ᠤ ᠤᠯᠠᠷᠢᠯ ᠤᠨ ᠠᠵᠢᠯᠯᠠᠬᠤ ᠴᠠᠭ ᠤᠨ ᠲᠤᠬᠢᠷᠠᠭᠤᠯᠤᠯᠲᠠ ᠪᠡᠷ 5 ᠰᠠᠷ ᠠ ᠶᠢᠨ 1 ᠤ ᠡᠳᠦᠷ ᠡᠴᠡ ᠡᠬᠢᠯᠡᠨ ᠵᠤᠨ ᠤ ᠤᠯᠠᠷᠢᠯ ᠤᠨ ᠠᠵᠢᠯᠯᠠᠬᠤ ᠴᠠᠭ ᠢᠶᠡᠷ ᠶᠠᠪᠤᠭᠳᠠᠪᠠ᠂ ᠬᠤᠲᠠ ᠶᠢᠨ ᠳᠤᠲᠤᠷ᠎ᠠ 6᠄ 10 ᠴᠠᠭ - 21᠄ 00  ᠤᠨ ᠬᠤᠭᠤᠷᠤᠨᠲᠤ ᠠᠦ᠋ᠲ᠋ᠤᠪᠦ᠋ᠰ ᠠᠶᠠᠯᠠᠨ᠎ᠠ᠃ 23 ᠳ᠋ᠤᠭᠠᠷ ᠵᠠᠮ ᠤᠨ ᠲᠡᠷᠭᠡ᠂ 91 ᠳ᠋ᠤᠭᠡᠷ ᠵᠠᠮ ᠤᠨ ᠲᠡᠷᠭᠡ᠂ ᠠᠮᠢ ᠠᠬᠤᠢ ᠶᠢᠨ 2 ᠳ᠋ᠤᠭᠠᠷ ᠵᠠᠮ ᠤᠨ ᠲᠡᠷᠭᠡ᠂ ᠲᠦᠷ ᠴᠠᠭ ᠤᠨ ᠱᠤᠭᠤᠮ ᠤᠨ ᠠᠦ᠋ᠲ᠋ᠤᠪᠦ᠋ᠰ ᠲᠤᠭᠲᠠᠮᠠᠯ ᠴᠢᠭ᠌ ᠢᠶᠡᠷ ᠠᠶᠠᠯᠠᠵᠤ᠂ 10 ᠰᠠᠷ᠎ᠠ ᠶᠢᠨ 8 ᠤ ᠡᠳᠦᠷ ᠠᠶᠠᠯᠠᠯ ᠵᠤᠭᠰᠤᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121027111