蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠡᠴᠡ ᠦᠷᠦᠮᠴᠢ ᠬᠦᠷᠬᠦ ᠬᠤᠷᠳᠤᠨ ᠤ ᠵᠠᠮ ᠤᠳᠠᠬᠤ ᠦᠭᠡᠢ ᠪᠦᠬᠦ ᠱᠤᠭᠤᠮ ᠢᠶᠡᠷ ᠲᠡᠷᠬᠡ ᠨᠡᠪᠲᠡᠷᠡᠨ᠎ᠠ

2017-05-27 11:04

5 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠪᠡᠭᠡᠵᠢᠩ ᠡᠴᠡ ᠦᠷᠦᠮᠴᠢ ᠬᠦᠷᠬᠦ ᠬᠤᠷᠳᠤᠨ ᠤ ᠵᠠᠮ ᠤᠨ ᠶᠡᠷᠦᠩᠬᠡᠢ ᠲᠠᠭᠠᠭᠠᠴᠢᠯᠠᠯᠳᠠ ᠵᠢᠨ ᠬᠡᠯᠳᠡᠰ ᠤᠨ ᠳᠤᠯᠤᠳᠤᠭᠠᠷ ᠲᠦᠰᠦᠯ ᠤᠨ ᠪᠠᠬ ᠤᠨ ᠠᠵᠢᠯᠲᠠᠨ ᠡᠵᠡᠨ᠎ᠠ ᠬᠤᠰᠢᠭᠤᠨ ᠤ ᠬᠡᠰᠡᠭ ᠲᠤ ᠡᠯᠡᠰᠤ ᠶᠢ ᠵᠠᠰᠠᠵᠤ ᠪᠠᠶᠢᠭ᠎ᠠ ᠨᠢ

    ᠪᠡᠭᠡᠵᠢᠩ ᠡᠴᠡ ᠦᠷᠦᠮᠴᠢ ᠬᠦᠷᠬᠦ ᠬᠤᠷᠳᠤᠨ ᠤ ᠵᠠᠮ 6 ᠰᠠᠷ᠎ᠠ ᠶᠢᠨ 30 ᠤ ᠡᠳᠦᠷ ᠠᠵᠢᠯ ᠲᠠᠭᠤᠰᠴᠤ ᠲᠡᠷᠭᠡ ᠨᠡᠪᠲᠡᠷᠡᠬᠦ ᠪᠡᠷ ᠪᠤᠢ᠂ ᠬᠠᠮᠤᠭ ᠤᠨ ᠡᠴᠤᠰ ᠤᠨ ᠯᠢᠨ ᠾᠸ ᠡᠴᠡ ᠴᠠᠭᠠᠨ ᠲᠤᠯᠤᠭᠠᠢ ᠬᠦᠷᠬᠦ ᠬᠡᠰᠡᠭ ᠤᠨ ᠡᠯ᠎ᠠ ᠪᠠᠷᠢᠯᠭ᠎ᠠ ᠶᠢᠨ ᠪᠠᠶᠢᠭᠤᠯᠤᠯᠭ᠎ᠠ ᠨᠢᠭᠡᠴᠡ ᠤᠳᠤ ᠶᠠᠭ ᠡᠯ᠎ᠠ ᠵᠠᠮ ᠱᠤᠭᠤᠮ ᠤᠨ ᠳᠡᠳ᠋ ᠪᠦᠲᠦᠴᠡ ᠶᠢ ᠶᠠᠭᠠᠷᠠᠯᠲᠠᠢ ᠪᠠᠶᠢᠴᠠᠭᠠᠵᠤ ᠪᠠᠶᠢᠨ᠎ᠠ᠃ ᠪᠡᠭᠡᠵᠢᠩ ᠡᠴᠡ ᠦᠷᠦᠮᠴᠢ ᠬᠦᠷᠬᠦ ᠬᠤᠷᠳᠤᠨ ᠤ ᠵᠠᠮ ᠤᠨ ᠤᠷᠳᠤ ᠨᠢ ᠪᠠᠷᠤᠭ 2582 ᠺᠢᠯᠦᠮᠸᠲ᠋ᠷ᠂ ᠡᠭᠦᠨ ᠳᠤ ᠦᠪᠦᠷ ᠮᠣᠩᠭᠣᠯ ᠤᠨ ᠬᠢᠯᠢ ᠳ᠋ᠡᠬᠢ ᠯᠢᠨ ᠾᠸ ᠡᠴᠡ ᠴᠠᠭᠠᠨ ᠲᠤᠯᠤᠭᠠᠢ ᠬᠦᠷᠬᠦ ᠬᠡᠰᠡᠭ ᠤᠨ ᠤᠷᠳᠤ ᠨᠢ ᠪᠠᠷᠤᠭ 930 ᠺᠢᠯᠦᠮᠸᠲ᠋ᠷ᠃ ᠪᠡᠭᠡᠵᠢᠩ ᠡᠴᠡ ᠦᠷᠦᠮᠴᠢ ᠬᠦᠷᠬᠦ ᠬᠤᠷᠳᠤᠨ ᠤ ᠵᠠᠮ ᠪᠦᠬᠦ ᠱᠤᠭᠤᠮ ᠢᠶᠡᠷ ᠲᠡᠷᠭᠡ ᠨᠡᠪᠲᠡᠷᠡᠭᠰᠡᠨ ᠤ ᠳᠠᠷᠠᠭ᠎ᠠ ᠪᠡᠭᠡᠵᠢᠩ ᠡᠴᠡ ᠦᠷᠦᠮᠴᠢ ᠬᠦᠷᠬᠦ ᠵᠠᠢ ᠤᠳᠤ ᠶᠢᠨ ᠵᠠᠮ ᠡᠴᠡ 1300 ᠭᠠᠷᠤᠢ ᠺᠢᠯᠦᠮᠸᠲ᠋ᠷ ᠪᠤᠭᠤᠨᠢᠰᠤᠨ᠎ᠠ᠃ (ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠸᠩ ᠬᠤᠸᠠ ᠵᠢᠷᠤᠭᠯᠠᠪᠠ)

ᠢᠷᠡᠯᠳᠡ᠄ ᠰᠢᠨᠬᠤᠸᠠ ᠬᠤᠷᠢᠶ ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121048142