蒙古文网站Logo
ᠰᠢᠨᠬᠤᠸᠠ ᠮᠤᠩᠭ᠋ᠤᠯ ᠨᠧᠲ

ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠳᠤ ᠰᠠᠶᠢᠨ ᠳᠤᠷᠠᠴᠤᠳ ᠢ ᠲᠤᠮᠢᠯᠠᠬᠤ ᠡᠯᠰᠡᠯᠲᠡ ᠳᠤ ᠨᠡᠷ᠎ᠡ ᠮᠡᠳᠡᠭᠦᠯᠵᠦ ᠡᠬᠢᠯᠡᠪᠡ

2017-05-30 12:45

    2017 ᠣᠨ ᠤ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠳᠤ ᠰᠠᠶᠢᠨ ᠳᠤᠷᠠᠴᠤᠳ ᠢ ᠲᠤᠮᠢᠯᠠᠬᠤ ᠡᠯᠰᠡᠯᠲᠡ ᠶᠢ ᠤᠯᠤᠰ ᠳᠠᠶᠠᠭᠠᠷ ᠤᠨ ᠲᠦᠷᠦᠯ ᠵᠦᠢᠯ ᠪᠠ ᠪᠦᠰᠡ ᠨᠤᠲᠤᠭ ᠤᠨ ᠲᠦᠷᠦᠯ ᠵᠦᠢᠯ ᠭᠡᠵᠦ ᠬᠤᠶᠠᠷ ᠬᠡᠰᠡᠭ ᠬᠤᠪᠢᠶᠠᠪᠠ᠃ ᠤᠯᠤᠰ ᠳᠠᠶᠠᠭᠠᠷ ᠤᠨ ᠲᠦᠷᠦᠯ ᠵᠦᠢᠯ᠂ ᠪᠦᠰᠡ ᠨᠤᠲᠤᠭ ᠤᠨ ᠲᠦᠷᠦᠯ ᠵᠦᠢᠯ ᠤᠨ ᠡᠯᠰᠡᠬᠦ ᠡᠲᠡᠭᠡᠳ ᠪᠤᠯ ᠴᠦᠮ ᠥᠪᠥᠷ ᠮᠣᠩᠭ᠋ᠤᠯ ᠤᠨ ᠡᠷᠦᠬᠡ ᠠᠮᠠ ᠪᠦᠬᠦᠢ ᠲᠤᠰ ᠬᠤᠭᠤᠴᠠᠭᠠᠨ ᠳᠤ ᠰᠤᠷᠤᠯᠭ᠎ᠠ ᠲᠡᠭᠦᠰᠦᠭᠰᠡᠳ ᠪᠤᠯᠤᠨ᠎ᠠ᠂ ᠵᠠᠷᠴᠢᠮ ᠳᠡᠭᠡᠷ᠎ᠡ ᠪᠠᠨ ᠵᠢᠩᠬᠢᠨᠢ ᠠᠩᠬᠢ ᠪᠠᠷ ᠭᠤᠣᠯ ᠪᠤᠯᠭᠠᠨ᠎ᠠ᠃ ᠪᠤᠭᠤᠲᠤ ᠶᠢᠨ ᠪᠦᠰᠡ ᠨᠤᠲᠤᠭ ᠤᠨ ᠲᠦᠷᠦᠯ ᠵᠦᠢᠯ ᠨᠢ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠪᠦᠬᠦᠢ ᠲᠤᠰ ᠬᠤᠭᠤᠴᠠᠭᠠᠨ ᠳᠤ ᠰᠤᠷᠤᠯᠭ᠎ᠠ ᠲᠡᠭᠦᠰᠦᠭᠰᠡᠳ ᠢᠶᠠᠷ ᠭᠤᠤᠯᠯᠠᠵᠤ᠂ ᠪᠤᠭᠤᠲᠤ ᠶᠢᠨ ᠡᠷᠦᠬᠡ ᠠᠮᠠ ᠲᠠᠢ ᠶᠢ ᠡᠩ ᠲᠡᠷᠢᠭᠦᠨ ᠳᠤ ᠡᠯᠰᠡᠨ᠎ᠡ᠃ 5 ᠰᠠᠷ᠎ᠠ ᠶᠢᠨ 27 ᠤ ᠡᠳᠦᠷ ᠡᠴᠡ ᠡᠬᠢᠯᠡᠨ 6 ᠰᠠᠷ᠎ᠠ ᠶᠢᠨ 10 ᠤ ᠡᠳᠦᠷ ᠪᠣᠯᠲᠠᠯ᠎ᠠ᠂ ᠰᠢᠯᠭᠠᠭᠤᠯᠤᠭᠴᠢ ᠤᠯᠤᠰ ᠳᠠᠶᠠᠭᠠᠷ ᠤᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠠᠯᠪᠠᠨ ᠨᠸᠲ ᠳᠡᠭᠡᠷ᠎ᠡ ᠤᠯᠤᠰ ᠳᠠᠶᠠᠭᠠᠷ ᠤᠨ ᠰᠢᠰᠲ᠋ᠧᠮ  ᠳᠤ ᠨᠡᠷ᠎ᠡ ᠮᠡᠳᠡᠭᠦᠯᠬᠦ ᠶᠢᠨ ᠬᠠᠮᠲᠤ 《ᠰᠠᠶᠢᠨ ᠳᠤᠷ᠎ᠠ ᠶᠢᠨ ᠳᠤᠮᠳᠠᠳᠤ ᠤᠯᠤᠰ》 ᠲᠤ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠩᠰᠠᠯᠠᠭᠤᠯᠵᠤ ᠪᠤᠯᠤᠨ᠎ᠠ᠃ 6 ᠰᠠᠷ᠎ᠠ ᠶᠢᠨ 10 ᠤ ᠡᠳᠦᠷ ᠡᠴᠡ 20 ᠤ ᠡᠳᠦᠷ᠂ ᠥᠪᠥᠷ ᠮᠣᠩᠭ᠋ᠤᠯ ᠤᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠰᠢᠰᠲ᠋ᠧᠮ ᠳᠤ ᠨᠡᠷ᠎ᠡ ᠮᠡᠳᠡᠭᠦᠯᠤᠨ᠎ᠠ᠃ ᠡᠯ᠎ᠡ ᠬᠤᠰᠢᠭᠤ (ᠰᠢᠶᠠᠨ᠂ ᠬᠤᠲᠠ᠂ ᠲᠣᠭᠤᠷᠢᠭ) ᠶ᠋ᠢᠨ ᠲᠥᠷᠥᠯ ᠵᠦᠢᠯ ᠤᠨ ᠠᠯᠪᠠᠨ ᠭᠡᠷ ᠤᠨ ᠤᠷᠢᠳᠴᠢᠯᠠᠨ ᠡᠯᠰᠡᠬᠦ(ᠲᠤᠬᠠᠶᠢᠯᠠᠪᠠᠯ ᠬᠤᠶᠠᠷᠳᠠᠬᠢ ᠤᠳᠠᠭᠠᠨ ᠤ ᠨᠡᠷ᠎ᠡ ᠮᠡᠳᠡᠭᠦᠯᠦᠯᠲᠡ᠂ ᠪᠣᠳᠠᠲᠠᠶ ᠦᠢᠯᠡᠴᠢᠯᠡᠬᠦ ᠭᠠᠵᠠᠷ ᠢᠶᠠᠨ ᠰᠤᠩᠭ᠋ᠤᠵᠤ ᠪᠤᠯᠤᠨ᠎ᠠ) ᠴᠠᠭ ᠨᠢ 6 ᠰᠠᠷ᠎ᠠ ᠶᠢᠨ ᠳᠤᠮᠳᠠᠴᠢ ᠪᠤᠯᠤᠨ᠎ᠠ᠃

    ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠰᠠᠶᠢᠨ ᠳᠤᠷᠠᠴᠤᠳ ᠢ ᠤᠯᠤᠰ ᠳᠠᠶᠠᠭᠠᠷ ᠤᠨ ᠨᠢᠭᠡᠳᠦᠯᠲᠡᠶ ᠰᠢᠯᠭᠠᠯᠲᠠ ᠶᠢᠨ ᠬᠡᠯᠪᠡᠷᠢ ᠪᠠᠷ ᠰᠢᠯᠢᠨ ᠰᠣᠩᠭ᠋ᠤᠵᠤ᠂ ᠰᠢᠯᠭᠠᠬᠤ ᠴᠠᠭ ᠢ 6 ᠰᠠᠷ᠎ᠠ ᠶᠢᠨ ᠰᠡᠭᠦᠯᠴᠢ ᠪᠠᠷ ᠲᠣᠭᠲᠠᠭᠠᠵᠤ᠂ ᠪᠢᠷ ᠤᠨ ᠰᠢᠯᠭᠠᠯᠲᠠ ᠶᠢᠨ ᠭᠠᠵᠠᠷ ᠢ ᠬᠦᠬᠡᠬᠤᠲᠠ ᠳᠤ ᠲᠣᠬᠢᠷᠠᠭᠤᠯᠪᠠ᠃ ᠨᠠᠷᠢᠨ ᠪᠠᠶᠢᠳᠠᠯ ᠢ 《ᠰᠠᠶᠢᠨ ᠳᠤᠷ᠎ᠠ ᠶᠢᠨ ᠥᠪᠥᠷ ᠮᠣᠩᠭ᠋ᠤᠯ》 ᠤᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠤᠨ ᠮᠡᠳᠡᠭᠡ ᠵᠠᠩᠭᠢ ᠶᠢᠨ ᠨᠡᠶᠢᠲᠡᠯᠡᠯ ᠡᠴᠡ ᠤᠶᠢᠯᠠᠭᠠᠷᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121057931