蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤ ᠦᠨᠳᠦᠷ ᠳᠤᠯᠠᠭᠠᠨ ᠦᠷᠬᠦᠯᠵᠢᠯᠡᠵᠦ ᠬᠤᠷ᠎ᠠ ᠳᠤᠨᠳᠠᠰᠤ ᠬᠤᠪᠤᠷ ᠪᠠᠶᠢᠭ᠎ᠠ ᠲᠤᠯᠠ ᠤᠢ ᠰᠢᠭᠤᠢ ᠶᠢᠨ ᠲᠦᠢᠮᠡᠷ ᠭᠠᠷᠬᠤ ᠪᠤᠯᠤᠮᠵᠢ ᠶᠡᠬᠡ

2017-05-31 17:53

    ᠰᠢᠨᠬᠤᠸᠠ ᠬᠤᠷᠢᠶ᠎ᠠ ᠬᠦᠬᠡᠬᠤᠲᠠ ᠶᠢᠨ 5 ᠰᠠᠷ᠎ᠠ ᠶᠢᠨ 31 ᠤ ᠡᠳᠦᠷ ᠤᠨ ᠴᠬᠢᠯᠭᠠᠨ ᠮᠡᠳᠡᠭᠡ ( ᠰᠤᠷᠪᠤᠯᠵᠢᠯᠠᠭᠴᠢ ᠸᠠᠩ ᠵᠢᠩ) 5 ᠰᠠᠷ᠎ᠠ ᠶᠢᠨ ᠰᠡᠭᠦᠯᠴᠢ ᠡᠴᠡ ᠨᠠᠭᠠᠰᠢ ᠦᠪᠦᠷ ᠮᠣᠩᠭᠣᠯ ᠤᠨ ᠶᠡᠬᠡᠩᠬᠡᠢ ᠪᠦᠰᠡ ᠨᠤᠲᠤᠭ ᠤᠨ ᠠᠭᠠᠷ ᠤᠨ ᠳᠤᠯᠠᠭᠠᠨ ᠬᠤᠷᠳᠤᠨ ᠲᠡᠭᠡᠭ᠍ᠰᠢᠯᠡᠭᠰᠡᠨ ᠪᠤᠯᠪᠠᠴᠤ ᠬᠤᠷ᠎ᠠ ᠲᠤᠨᠳᠠᠰᠤ ᠬᠤᠪᠤᠷ᠂ ᠵᠡᠭᠦᠨ ᠬᠡᠰᠡᠭ ᠢᠶᠡᠷ ᠪᠠᠶᠢᠷᠢᠯᠠᠭ᠎ᠠ ᠬᠦᠯᠦᠨ ᠪᠤᠶᠢᠷ᠂ ᠬᠢᠩᠭ᠋ᠠᠨ ᠠᠶᠢᠮᠠᠭ᠂ ᠲᠦᠩᠯᠢᠶᠤᠤ ᠬᠤᠲᠠ ᠵᠡᠷᠭᠡ ᠭᠠᠵᠠᠷ ᠢᠶᠡᠷ ᠭᠠᠩ ᠤᠨ ᠪᠠᠶᠢᠳᠠᠯ ᠬᠡᠴᠡᠭᠦᠤ᠃ ᠵᠠᠪᠰᠡᠭᠲᠤ ᠴᠠᠭᠳᠠᠭᠠᠨ ᠤ ᠦᠪᠦᠷ ᠮᠣᠩᠭᠣᠯ ᠤᠨ ᠤᠢ ᠰᠢᠭᠤᠢ ᠶᠢᠨ ᠶᠡᠷᠦᠩᠬᠡᠢ ᠠᠩᠭᠢ ᠡᠴᠡ ᠤᠳᠤᠬᠠᠨ ᠳᠤ᠂ ᠦᠪᠦᠷ ᠮᠣᠩᠭᠣᠯ ᠤᠨ ᠵᠡᠭᠦᠨ ᠬᠡᠰᠡᠭ ᠤᠨ ᠤᠢ ᠰᠢᠭᠤᠢ ᠶᠢᠨ ᠪᠦᠰᠡ ᠶᠢᠨ ᠲᠦᠢᠮᠡᠷ ᠡᠭᠦᠰᠬᠦ ᠪᠤᠯᠤᠮᠵᠢ ᠶᠡᠬᠡ᠂ ᠰᠡᠷᠭᠡᠶᠢᠯᠡᠬᠦ ᠪᠠᠶᠢᠭᠤᠯᠤᠯᠭ᠎ᠠ ᠨᠢᠭᠡᠴᠡ ᠵᠢᠴᠢ ᠢᠷᠭᠡᠳ ᠰᠤᠨᠤᠷ ᠰᠡᠷᠡᠮᠵᠢ ᠪᠡᠨ ᠲᠡᠭᠡᠭ᠍ᠰᠢᠯᠡᠭᠦᠯᠵᠤ ᠲᠦᠢᠮᠡᠷ ᠡᠭᠦᠰᠬᠦ ᠡᠴᠡ ᠪᠤᠯᠭᠤᠮᠵᠢᠯᠠᠬᠤ ᠬᠡᠷᠡᠭᠲᠠᠢ ᠭᠡᠵᠤ ᠰᠠᠨᠠᠭᠤᠯᠪᠠ᠃

    ᠬᠠᠪᠤᠷ ᠤᠷᠤᠭᠰᠠᠨ ᠡᠴᠡ ᠨᠠᠭᠠᠰᠢ᠂ ᠦᠪᠦᠷ ᠮᠣᠩᠭᠣᠯ ᠤᠨ ᠵᠡᠭᠦᠨ ᠬᠡᠰᠡᠭ ᠤᠨ ᠤᠢ ᠰᠢᠭᠤᠢ ᠪᠡᠷ ᠨᠢᠭᠡᠨᠲᠠ 30 ᠭᠠᠷᠤᠢ ᠤᠳᠠᠭᠠᠨ ᠤ ᠲᠦᠢᠮᠡᠷ ᠭᠠᠷᠴᠤ ᠲᠤᠳᠤᠷᠬᠠᠢ ᠬᠡᠮᠵᠢᠶᠡᠨ ᠤ ᠡᠳ᠋ ᠬᠦᠷᠦᠩᠭᠡ ᠶᠢᠨ ᠬᠤᠬᠢᠷᠠᠯ ᠠᠪᠴᠢᠷᠠᠵᠤ᠂ ᠬᠦᠮᠦᠨ ᠠᠷᠠᠳ ᠰᠢᠷᠬᠠᠳᠤᠪᠠ᠃ ᠦᠨᠳᠦᠷ ᠳᠤᠯᠠᠭᠠᠨ᠂ ᠬᠤᠷ᠎ᠠ ᠲᠤᠳᠠᠰᠤ ᠬᠤᠪᠤᠷ ᠴᠠᠭ ᠠᠭᠠᠷ ᠤᠨ ᠨᠦᠯᠦᠭᠡᠯᠡᠯ ᠡᠴᠡ ᠪᠤᠯᠵᠤ ᠦᠪᠦᠷ ᠮᠣᠩᠭᠣᠯ ᠤᠨ ᠵᠡᠭᠦᠨ ᠬᠡᠰᠡᠭ ᠢᠶᠡᠷ ᠤᠢ ᠰᠢᠭᠤᠢ ᠶᠢᠨ ᠲᠦᠢᠮᠡᠷ ᠭᠠᠷᠬᠤ ᠪᠤᠯᠤᠮᠵᠢ ᠶᠡᠬᠡ ᠤᠨᠴᠠᠭᠠᠶᠢᠯᠠᠨ ᠬᠦᠯᠦᠨ ᠪᠤᠶᠢᠷ ᠬᠤᠲᠠ᠂ ᠬᠢᠩᠭ᠋ᠠᠨ ᠠᠶᠢᠮᠠᠭ ᠵᠡᠷᠭᠡ ᠭᠠᠵᠠᠷ ᠢᠶᠡᠷ ᠠᠮᠠᠷᠬᠠᠨ ᠲᠦᠢᠮᠡᠷ ᠭᠠᠷᠴᠤ ᠮᠡᠳᠡᠨ᠎ᠠ᠃ ᠡᠶᠢᠮᠦᠷᠬᠦᠦ ᠪᠠᠶᠢᠳᠠᠯ ᠳᠤ ᠴᠢᠭᠯᠡᠭᠦᠯᠦᠨ ᠵᠡᠪᠰᠡᠭᠲᠤ ᠴᠠᠭᠳᠠᠭᠠᠨ ᠤ ᠦᠪᠦᠷ ᠮᠣᠩᠭᠣᠯ ᠤᠨ ᠤᠢ ᠰᠢᠭᠤᠢ ᠶᠢᠨ ᠶᠡᠷᠦᠩᠬᠡᠢ ᠠᠩᠭᠢ ᠪᠦᠬᠦ ᠲᠠᠯ᠎ᠠ ᠪᠡᠷ ᠰᠡᠷᠭᠡᠶᠢᠯᠡᠬᠦ ᠵᠠᠩᠭᠢᠯᠠᠭ᠎ᠠ ᠦᠶ᠎ᠠ ᠳᠤ ᠤᠷᠤᠵᠤ᠂ ᠡᠯ᠎ᠠ ᠪᠦᠰᠡ ᠨᠤᠲᠤᠭ ᠤᠨ ᠴᠡᠷᠢᠭ᠌ ᠠᠩᠭᠢ ᠨᠢᠭᠡᠨᠲᠡ ᠬᠦᠮᠦᠨ ᠤ ᠬᠦᠴᠦ᠂ ᠲᠤᠨᠤᠭ ᠲᠦᠬᠦᠭᠡᠷᠦᠮᠵᠢ᠂ ᠡᠳ᠋ ᠪᠤᠳᠠᠰ ᠢᠶᠡᠨ ᠡᠮᠦᠨᠡᠰᠢ ᠰᠢᠯᠵᠢᠭᠦᠯᠦᠨ᠂ ᠲᠦᠢᠮᠡᠷ ᠭᠠᠷᠬᠤ ᠪᠤᠯᠤᠮᠵᠢ ᠶᠡᠬᠡ ᠭᠠᠵᠠᠷ ᠤᠳ ᠲᠤ ᠬᠦᠷᠴᠤ ᠰᠡᠷᠭᠡᠶᠢᠯᠡᠨ ᠰᠠᠬᠢᠵᠤ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121064618