蒙古文网站Logo
ᠰᠢᠨᠬᠤᠸᠠ ᠮᠤᠩᠭ᠋ᠤᠯ ᠨᠧᠲ

2017 ᠣᠨ ᠳᠤ ᠥᠪᠥᠷ ᠮᠣᠩᠭ᠋ᠤᠯ ᠤᠨ ᠤᠨᠴᠠᠭᠠᠢ ᠠᠵᠢᠯ ᠤᠨ ᠪᠠᠶᠢᠷᠢᠨ ᠤ ᠪᠠᠭᠰᠢ ᠶᠢᠨ ᠨᠢᠭᠤᠷᠳᠠᠨ ᠰᠢᠯᠭᠠᠬᠤ ᠠᠷᠭ᠎ᠠ ᠪᠤᠯᠤᠨ ᠴᠠᠭ

2017-06-02 17:01

    2017 ᠤᠨ ᠤ ᠥᠪᠥᠷ ᠥᠪᠥᠷ ᠮᠣᠩᠭ᠋ᠤᠯ ᠤᠨ ᠤᠨᠴᠠᠭᠠᠢ ᠠᠵᠢᠯ ᠤᠨ ᠪᠠᠶᠢᠷᠢᠨ ᠤ ᠪᠠᠭᠰᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ 6 ᠰᠠᠷ᠎ᠠ ᠶᠢᠨ 10 ᠤ ᠡᠳᠦᠷ ᠠᠴᠠ ᠬᠤᠶᠢᠰᠢ ᠪᠠᠶᠢᠴᠠᠭᠠᠨ ᠤᠯᠵᠤ ᠪᠤᠯᠤᠨ᠎ᠠ᠂ 6 ᠰᠠᠷ᠎ᠠ ᠶᠢᠨ 15 ᠡᠴᠡ 7 ᠰᠠᠷ᠎ᠠ ᠶᠢᠨ 5 ᠤ ᠡᠳᠦᠷ ᠪᠤᠯᠲᠠᠯ᠎ᠠ ᠨᠢᠭᠤᠷᠳᠠᠨ ᠰᠢᠯᠭᠠᠨ᠎ᠠ᠂ ᠪᠣᠳᠠᠲᠠᠶ ᠴᠠᠭ ᠪᠣᠯᠤᠨ ᠭᠠᠵᠠᠷ ᠢ ᠡᠯ᠎ᠡ ᠠᠶᠢᠮᠠᠭ ᠬᠤᠳᠠ ᠦᠪᠡᠷᠰᠡᠳ ᠢᠶᠠᠨ ᠰᠢᠯᠭᠠᠭᠤᠯᠤᠭᠴᠢ  ᠳᠤᠨᠢ ᠮᠡᠳᠡᠭᠳᠡᠨ᠎ᠡ᠃ ᠨᠢᠭᠤᠷᠳᠠᠨ ᠰᠢᠯᠭᠠᠬᠤ ᠳᠤ ᠭᠤᠤᠯ ᠨᠢ ᠲᠤᠷᠰᠢᠨ ᠶᠠᠷᠢᠭᠤᠯᠬᠤ ᠠᠷᠭ᠎ᠠ ᠶᠢ ᠬᠡᠷᠡᠭᠯᠡᠨ᠎ᠡ᠃ ᠨᠢᠭᠤᠷᠳᠠᠨ ᠰᠢᠯᠭᠠᠬᠤ (ᠲᠤᠷᠰᠢᠨ ᠶᠠᠷᠢᠭᠤᠯᠬᠤ) ᠠᠵᠢᠯ ᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤᠴᠠᠨ ᠵᠣᠬᠢᠶᠠᠨ ᠪᠠᠶᠢᠭᠤᠯᠵᠤ᠂ ᠡᠯ᠎ᠡ ᠠᠵᠢᠯ ᠤᠨ ᠪᠠᠶᠢᠷᠢ ᠲᠣᠬᠢᠷᠠᠭᠤᠯᠤᠭᠰᠠᠨ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠨᠢᠭᠤᠷᠳᠠᠨ ᠰᠢᠯᠭᠠᠬᠤ ᠠᠵᠢᠯ ᠳᠤ ᠤᠷᠤᠯᠴᠠᠨ᠎ᠠ᠃ ᠠᠶᠢᠮᠠᠭ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ᠂ ᠬᠥᠮᠦᠨ ᠤ ᠨᠦᠭᠡᠴᠡ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢᠭᠤᠷᠳᠠᠨ ᠰᠢᠯᠭᠠᠬᠤ ᠪᠦᠬᠦ ᠶᠠᠪᠤᠴᠠ ᠳᠤ ᠬᠢᠨᠠᠯᠲᠠ ᠲᠠᠯᠪᠢᠨ᠎ᠠ᠃ ᠨᠢᠭᠤᠷᠲᠠᠨ ᠰᠢᠯᠭᠠᠬᠤ ᠳᠤ ᠤᠷᠢᠭᠳᠠᠭᠰᠠᠳ ᠤᠨ ᠶᠡᠷᠦᠩᠬᠡᠶ ᠬᠡᠪ ᠪᠤᠯᠪᠠᠰᠤᠷᠠᠯ ( ᠲᠤᠰᠬᠠᠶ ᠮᠡᠷᠭᠡᠵᠢᠯ ᠤᠨ ᠮᠡᠳᠡᠯᠭᠡ ᠪᠠᠭᠲᠠᠨ᠎ᠠ) ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠭᠤᠣᠯᠳᠠᠯᠭ᠎ᠠ ᠲᠠᠢ ᠰᠢᠯᠭᠠᠨ ᠦᠵᠡᠬᠦ ᠶᠢᠨ ᠬᠠᠮᠲᠤ ᠨᠢᠭᠤᠷᠳᠠᠨ ᠰᠢᠯᠭᠠᠭᠤᠯᠬᠤ ᠬᠦᠮᠦᠰ ᠢ ᠵᠣᠬᠢᠶᠠᠨ ᠪᠠᠶᠢᠭᠤᠯᠵᠤ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃

    ᠨᠢᠭᠤᠷᠳᠠᠨ ᠰᠢᠯᠭᠠᠬᠤ (ᠲᠤᠷᠰᠢᠨ ᠶᠠᠷᠢᠭᠤᠯᠬᠤ) ᠴᠠᠭ᠄ 2017 ᠤᠨ ᠤ 6 ᠰᠠᠷ᠎ᠠ ᠶᠢᠨ 1 ᠤ ᠡᠳᠦᠷ ᠡᠴᠡ 7 ᠰᠠᠷ᠎ᠠ ᠶᠢᠨ 5 ᠤ ᠡᠳᠦᠷ ᠪᠤᠯᠲᠠᠯ᠎ᠠ ᠶᠠᠪᠤᠭᠳᠠᠨ᠎ᠠ᠂ ᠪᠣᠳᠠᠲᠠᠶ ᠴᠠᠭ᠂ ᠭᠠᠵᠠᠷ ᠢ ᠨᠢ ᠬᠠᠮᠢᠶ᠎ᠠ ᠪᠥᠬᠦᠶ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤᠴᠠᠨ ᠰᠢᠯᠭᠠᠭᠤᠯᠤᠭᠴᠢ  ᠳᠤ ᠮᠡᠳᠡᠭᠳᠡᠨ᠎ᠡ᠃ ᠨᠢᠭᠤᠷᠳᠠᠨ ᠰᠢᠯᠭᠠᠭᠤᠯᠤᠭᠴᠢᠳ ᠡᠷᠬᠡᠪᠰᠢ ᠲᠤᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠰᠤᠷᠭᠠᠭᠤᠯᠢ ᠲᠡᠭᠦᠰᠦᠭᠰᠡᠨ ᠦᠨᠡᠮᠯᠡᠯ (ᠲᠤᠰ ᠬᠤᠭᠤᠴᠠᠭᠠᠨ ᠳᠤ ᠲᠡᠭᠦᠰᠦᠭᠰᠡᠨ ᠰᠤᠷᠤᠭᠴᠢ ᠬᠡᠷᠪᠡ ᠰᠤᠷᠭᠠᠭᠤᠯᠢ ᠶᠢᠨ ᠰᠢᠯᠲᠠᠭᠠᠨ ᠠᠴᠠ ᠪᠤᠯᠵᠤ ᠲᠦᠷ ᠴᠠᠭ ᠰᠤᠷᠭᠠᠭᠤᠯᠢ ᠲᠡᠭᠦᠰᠦᠭᠰᠡᠨ ᠦᠨᠡᠮᠯᠡᠯ ᠢᠶᠠᠨ ᠠᠪᠤᠭᠠᠳᠤᠢ ᠪᠤᠯ ᠰᠤᠷᠭᠠᠭᠤᠯᠢ ᠠᠴᠠ ᠬᠢᠵᠦ ᠦᠭ᠍ᠭᠦᠭᠰᠡᠨ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠤᠨ ᠬᠤᠯᠪᠣᠭᠳᠠᠯ ᠪᠦᠬᠦᠢ ᠠᠭᠤᠯᠭ᠎ᠠ ᠲᠠᠢ ᠰᠤᠷᠤᠯᠭ᠎ᠠ ᠶᠢᠨ ᠨᠠᠮᠲᠠᠷ ᠤᠨ ᠭᠡᠷᠡᠴᠢ ᠶᠢ ᠠᠪᠴᠤ ᠤᠴᠢᠵᠤ ᠪᠤᠯᠤᠨ᠎ᠠ᠂ ᠭᠡᠬᠦ ᠳᠡᠭᠡᠨ ᠡᠷᠬᠡᠪᠰᠢ 7 ᠰᠠᠷ᠎ᠠ ᠶᠢᠨ 20 ᠤ ᠡᠳᠦᠷ ᠠᠴᠠ ᠡᠮᠦᠨ᠎ᠡ ᠰᠤᠷᠭᠠᠭᠤᠯᠢ ᠲᠡᠭᠦᠰᠦᠭᠰᠡᠨ ᠦᠨᠡᠮᠯᠡᠯ ᠤᠨ ᠤᠭ ᠮᠠᠲ᠋ᠧᠷᠢᠶᠠᠯ ᠢ ᠨᠢ ᠲᠤᠰᠢᠶᠠᠬᠤ ᠬᠡᠷᠡᠭᠲᠡᠶ)᠂ ᠪᠠᠭᠰᠢ ᠶᠢᠨ ᠬᠢᠷᠢ ᠬᠡᠮ ᠤᠨ ᠦᠨᠡᠮᠯᠡᠯ (ᠦᠨᠡᠬᠡᠷ ᠣᠨᠴᠠᠭᠠᠶ ᠪᠠᠶᠢᠳᠠᠯ ᠠᠴᠠ ᠪᠤᠯᠵᠤ ᠪᠠᠭᠰᠢ ᠶᠢᠨ ᠬᠢᠷᠢ ᠬᠡᠮ ᠤᠨ ᠦᠨᠡᠮᠯᠡᠯ ᠠᠪᠤᠭᠠᠳᠤᠢ ᠪᠠᠭᠰᠢ ᠶᠢᠨ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠦᠷᠦᠯ ᠤᠨ ᠲᠤᠰᠬᠠᠶ ᠮᠡᠷᠭᠡᠵᠢᠯ ᠠᠴᠠ ᠲᠡᠭᠦᠰᠦᠭᠰᠡᠨ ᠰᠤᠷᠤᠭᠴᠢᠳ ᠪᠤᠰᠤᠳ ᠨᠥᠬᠦᠴᠡᠯ ᠤᠳ ᠨᠢ ᠴᠥᠮ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠤᠷᠢᠳᠠᠪᠠᠷ ᠨᠡᠷ᠎ᠡ ᠮᠡᠳᠡᠭᠦᠯᠦᠨ ᠰᠢᠯᠭᠠᠯᠲᠠ ᠳᠤ ᠤᠷᠤᠯᠴᠠᠵᠤ ᠪᠤᠯᠤᠨ᠎ᠠ᠂ ᠭᠡᠬᠦ ᠳᠡᠭᠡᠨ ᠡᠷᠬᠡᠪᠰᠢ 7 ᠰᠠᠷ᠎ᠠ ᠶᠢᠨ 10 ᠤ ᠡᠳᠦᠷ ᠠᠴᠠ ᠡᠮᠦᠨ᠎ᠡ ᠪᠠᠭᠰᠢ ᠶᠢᠨ ᠬᠢᠷᠢ ᠬᠡᠮ ᠤᠨ ᠦᠨᠡᠮᠯᠡᠯ ᠤᠨ ᠤᠭ ᠮᠠᠲ᠋ᠧᠷᠢᠶᠠᠯ ᠢ ᠨᠢ ᠲᠤᠰᠢᠶᠠᠬᠤ ᠬᠡᠷᠡᠭᠲᠡᠶ᠂ ᠬᠡᠷᠪᠡ ᠲᠤᠬᠠᠢ ᠶᠢᠨ ᠦᠶ᠎ᠡ ᠳᠤ ᠮᠥᠨ ᠯᠡ ᠤᠭ ᠮᠠᠲ᠋ᠧᠷᠢᠶᠠᠯ ᠢ ᠬᠠᠩᠭ᠋ᠠᠵᠤ ᠳᠡᠶᠢᠯᠬᠦ ᠦᠭᠡᠢ ᠪᠤᠯ᠂ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ)᠂ 《ᠰᠢᠯᠭᠠᠭᠤᠯᠬᠤ ᠦᠨᠡᠮᠯᠡᠯ》 ᠵᠡᠷᠭᠡ ᠤᠭ ᠮᠠᠲ᠋ᠧᠷᠢᠶᠠᠯ ᠢᠶᠠᠨ ᠠᠪᠴᠤ ᠲᠤᠭᠲᠠᠭᠰᠠᠨ ᠭᠠᠵᠠᠷ ᠲᠤ ᠬᠦᠷᠴᠦ ᠨᠢᠭᠤᠷᠳᠠᠨ ᠰᠢᠯᠭᠠᠭᠤᠯᠬᠤ ᠳᠤ ᠤᠷᠤᠯᠴᠠᠨ᠎ᠠ᠃ ᠬᠡᠷᠪᠡ ᠳᠡᠭᠡᠷ᠎ᠡ ᠳᠤᠷᠠᠳᠤᠭᠰᠠᠨ ᠭᠡᠷᠡᠴᠢ ᠲᠡᠮᠳᠡᠭ ᠨᠢ ᠨᠢᠭᠤᠷᠲᠠᠨ ᠰᠢᠯᠭᠠᠭᠤᠯᠬᠤ ᠨᠡᠷᠡᠰ ᠤᠨ ᠮᠡᠳᠡᠭᠡ ᠵᠠᠩᠭᠢ ᠪᠤᠶᠤ ᠨᠸᠲ ᠳᠡᠭᠡᠷ᠎ᠡ ᠮᠡᠳᠡᠭᠦᠯᠦᠭᠰᠡᠨ ᠮᠡᠳᠡᠭᠡ ᠵᠠᠩᠭᠢ ᠲᠠᠢ ᠨᠡᠶᠢᠴᠡᠬᠦ ᠦᠭᠡᠶ᠂ ᠦᠨᠡᠮᠯᠡᠯ ᠨᠢ ᠬᠤᠳᠠᠯ ᠬᠠᠭᠤᠷᠮᠠᠭ ᠪᠠᠶᠢᠪᠠᠯ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃

    2017 ᠣᠨ ᠳᠤ ᠥᠪᠥᠷ ᠮᠣᠩᠭ᠋ᠤᠯ ᠤᠨ ᠤᠨᠴᠠᠭᠠᠢ ᠠᠵᠢᠯ ᠤᠨ ᠪᠠᠶᠢᠷᠢᠨ ᠤ ᠪᠠᠭᠰᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠮᠡᠳᠡᠷᠡᠬᠦ᠄ ᠲᠤᠰ ᠤᠳᠠᠭᠠᠨ ᠤ ᠡᠯᠰᠡᠯᠲᠡ ᠶᠢᠨ ᠰᠢᠯᠭᠠᠯᠲᠠ ᠶᠢᠨ ᠡᠴᠦᠰ ᠤᠨ ᠬᠢᠷᠢ ᠪᠦᠲᠦᠮᠵᠢ ᠶᠢ ᠰᠢᠯᠭᠠᠭᠤᠯᠤᠭᠴᠢᠳ ᠤᠨ ᠪᠢᠷ ᠤᠨ ᠰᠢᠯᠭᠠᠯᠲᠠ ᠪᠠ ᠨᠢᠭᠤᠷᠳᠠᠨ ᠰᠢᠯᠭᠠᠬᠰᠠᠨ ᠬᠢᠷᠢ ᠪᠦᠲᠦᠮᠵᠢ ᠶᠢᠨ 4᠄ 6 ᠶᠢᠨ ᠬᠠᠷᠢᠴᠠᠯ ᠢᠶᠠᠷ ᠪᠤᠳᠤᠨ ᠲᠤᠭᠲᠠᠭᠠᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121078155