蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ ᠪᠤᠯᠤᠨ ᠡᠯ᠎ᠠ ᠮᠤᠵᠢ (ᠤᠷᠤᠨ᠂ ᠬᠤᠲᠠ) ᠶᠢᠨ 2017 ᠤᠨ ᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠢᠯᠡᠴᠢᠯᠡᠨ ᠮᠡᠳᠡᠭᠦᠯᠬᠦ ᠤᠳᠠᠰᠤ ᠨᠡᠪᠲᠡᠷᠡᠪᠡ

2017-06-03 18:00

    ᠲᠦᠷᠦᠭᠦᠬᠡᠨ᠂ ᠰᠤᠷᠭᠠᠨ ᠬᠦᠮᠦᠵᠢᠯ ᠤᠨ ᠶᠠᠮᠤᠨ ᠡᠴᠡ ᠰᠤᠷᠭᠠᠨ ᠬᠦᠮᠦᠵᠢᠯ ᠤᠨ ᠶᠠᠮᠤᠨ᠂ ᠤᠯᠤᠰ ᠳᠠᠶᠠᠭᠠᠷ ᠤᠨ 31 ᠮᠤᠵᠢ (ᠤᠷᠤᠨ᠂ ᠬᠤᠲᠠ) ᠶ᠋ᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ 2017 ᠤᠨ ᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠢᠯᠡᠴᠢᠯᠡᠨ ᠮᠡᠳᠡᠭᠦᠯᠬᠦ ᠤᠳᠠᠰᠤ ᠶᠢ ᠨᠡᠶᠢᠲᠡᠯᠡᠪᠡ᠃ ᠦᠷᠭᠡᠨ ᠤᠯᠠᠨ ᠰᠢᠯᠭᠠᠭᠤᠯᠤᠭᠰᠠᠳ ᠂ ᠭᠡᠷ ᠤᠨ ᠠᠬᠠᠮᠠᠳ ᠵᠢᠴᠢ ᠨᠡᠶᠢᠭᠡᠮ ᠤᠨ ᠡᠯ᠎ᠠ ᠡᠳᠡᠭᠡᠳ ᠤᠨ ᠬᠢᠨ 2017 ᠤᠨ ᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠠᠮᠤᠷ ᠲᠦᠪᠰᠢᠨ ᠲᠠᠢ ᠬᠤᠯᠪᠤᠭᠳᠠᠭᠰᠠᠨ ᠰᠦᠪᠡᠭ᠍ᠴᠢ ᠶᠢ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠶᠢ ᠬᠦᠰᠡᠵᠤ ᠪᠠᠶᠢᠨ᠎ᠠ᠃ ᠰᠤᠷᠭᠠᠨ ᠬᠦᠮᠦᠵᠢᠯ ᠤᠨ ᠶᠠᠮᠤᠨ ᠵᠢᠴᠢ ᠡᠯ᠎ᠠ ᠮᠤᠵᠢ ( ᠤᠷᠤᠨ᠂ ᠬᠤᠲᠠ) ᠶ᠋ᠢᠨ ᠬᠠᠮᠢᠶ᠎ᠠ ᠪᠦᠬᠦᠢ ᠰᠠᠯᠠᠭ᠎ᠠ ᠮᠦᠴᠢᠷ ᠢᠯᠡᠴᠢᠯᠡᠨ ᠮᠡᠳᠡᠭᠦᠯᠦᠭᠰᠡᠨ ᠰᠦᠪᠡᠭ᠍ᠴᠢ ᠪᠡᠷ ᠳᠠᠷᠤᠢ ᠲᠦᠷᠭᠡᠨ ᠪᠠᠶᠢᠴᠠᠭᠠᠨ ᠲᠤᠳᠤᠯᠠᠵᠤ ᠰᠶ᠋ᠢᠳᠪᠦᠷᠢᠯᠡᠬᠦ ᠪᠤᠯᠤᠨ᠎ᠠ᠂ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠡᠷᠬᠡ ᠲᠡᠭᠰᠢ᠂ ᠲᠦᠪ ᠭᠤᠤᠯᠴᠢ ᠶᠢ ᠪᠠᠳᠤᠯᠠᠨ᠎ᠠ᠃

ᠢᠷᠡᠯᠳᠡ᠄ ᠰᠤᠷᠭᠠᠨ ᠬᠦᠮᠦᠵᠢᠯ ᠤᠨ ᠶᠠᠮᠤᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121081499