蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠷᠪᠠᠨ ᠨᠢᠭᠡᠳᠤᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠠᠷᠠᠭ 11 ᠤ ᠡᠳᠦᠷ ᠡᠴᠡ ᠡᠬᠢᠯᠡᠨ᠎ᠠ

2017-06-07 11:03

    ᠰᠢᠨᠬᠤᠸᠠ ᠨᠸᠲ   ᠬᠦᠬᠡᠬᠤᠲᠠ ᠶᠢᠨ 6 ᠰᠠᠷ᠎ᠠ ᠶᠢᠨ 6 ᠤ ᠡᠳᠦᠷ ( ᠯᠢ ᠴᠢᠶᠠᠨ)  ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ  ᠶᠢᠨ ᠮᠡᠳᠡᠭᠡᠯᠡᠯ ᠢ ᠦᠨᠳᠦᠰᠦᠯᠡᠪᠡᠯ᠂ ᠦᠪᠦᠷ ᠮᠣᠩᠭᠣᠯ ᠤᠨ ᠠᠷᠪᠠᠨ ᠨᠢᠭᠡᠳᠦᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠠᠷᠠᠭ 6 ᠰᠠᠷ᠎ᠠ ᠶᠢᠨ 11 ᠡᠴᠡ 17 ᠤ ᠡᠳᠦᠷ ᠪᠤᠯᠲᠠᠯ᠎ᠠ ᠤᠷᠤᠨ ᠳᠠᠶᠭᠠᠷ ᠤᠨ ᠬᠡᠪᠴᠢᠶᠡᠨ ᠳᠤ ᠶᠠᠪᠤᠭᠳᠠᠨ᠎ᠠ᠃ ᠡᠬᠢᠯᠡᠯᠲᠡ ᠶᠢᠨ ᠶᠤᠰᠤᠯᠠᠯ ᠨᠢ 11 ᠤ ᠡᠳᠦᠷ ᠦᠪᠦᠷ ᠮᠣᠩᠭᠣᠯ ᠤᠨ ᠨᠤᠮ ᠤᠨ ᠰᠠᠩ ᠳᠤ ᠶᠠᠪᠤᠭᠳᠠᠬᠤ ᠪᠡᠷ ᠪᠠᠶᠢᠨ᠎ᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠳᠡᠳ᠋ ᠲᠤᠭᠤᠷᠢᠨ ᠪᠠᠶᠢᠴᠠᠭᠠᠭᠴᠢ ᠤᠯᠠᠭᠠᠨ ᠤ ᠲᠠᠨᠢᠯᠴᠠᠭᠤᠯᠤᠭᠰᠠᠨ ᠢᠶᠡᠷ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠶᠢᠨ  ᠰᠢᠰᠲ᠋ᠸᠮ ᠤᠨ 30 ᠭᠠᠷᠤᠢ ᠪᠠᠶᠢᠭᠤᠯᠤᠯᠭ᠎ᠠ ᠨᠢᠭᠡᠴᠡ ᠡᠬᠢᠯᠡᠯᠲᠡ ᠶᠢᠨ ᠶᠤᠰᠤᠯᠠᠯ ᠳᠤ ᠤᠷᠤᠯᠴᠠᠬᠤ ᠪᠡᠷ ᠪᠤᠢ᠂ ᠡᠯ᠎ᠠ ᠲᠦᠷᠦᠯ ᠤᠨ ᠭᠤᠤᠯ ᠰᠡᠳᠦᠪᠲᠤ ᠠᠵᠢᠯᠯᠠᠭ᠎ᠠ ᠶᠢ ᠦᠵᠡᠭᠦᠯᠦᠯᠭᠡ ᠪᠡᠷ ᠳᠠᠮᠵᠢᠨ ᠲᠦᠪᠯᠡᠷᠡᠭᠦᠯᠦᠨ ᠦᠵᠡᠭᠦᠯᠤᠨ᠎ᠠ᠃ ᠡᠭᠦᠨ ᠡᠴᠡ ᠭᠠᠳᠠᠨ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠤᠯᠤᠨ ᠡᠯ᠎ᠠ ᠠᠶᠢᠮᠠᠭ ᠬᠤᠲᠠ ᠭᠠᠵᠠᠷ ᠲᠡᠭᠡᠷ ᠠ ᠨᠢ ᠵᠦᠪᠯᠡᠯᠭᠡ ᠦᠭ᠍ᠬᠦ ᠠᠵᠢᠯᠯᠭ᠎ᠠ ᠶᠠᠪᠤᠭᠳᠠᠭᠤᠯᠬᠤ ᠶᠢᠨ ᠬᠠᠮᠲᠤ ᠬᠦᠮᠦᠰ ᠲᠤ ᠨᠤᠮ ᠪᠢᠴᠢᠭ᠌ ᠬᠦᠷᠭᠡᠵᠤ᠂ ᠤᠬᠠᠭᠤᠯᠬᠤ ᠬᠠᠭᠤᠳᠠᠰᠤ ᠲᠠᠷᠬᠠᠭᠠᠨ᠎ᠠ ᠭᠡᠵᠠᠢ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121101099