蒙古文网站Logo
ᠰᠢᠨᠬᠤᠸᠠ ᠮᠤᠩᠭ᠋ᠤᠯ ᠨᠧᠲ

ᠶᠡᠭᠡ ᠳᠡᠭᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠲᠠ ᠶᠢᠨ ᠬᠢᠷᠢ ᠪᠦᠲᠦᠮᠵᠢ ᠶᠢ 6 ᠰᠠᠷ᠎ᠠ ᠶᠢᠨ 23 ᠤ ᠡᠳᠤᠷ ᠨᠡᠶᠢᠲᠡᠯᠡᠨ᠎ᠡ

2017-06-08 16:09

    ᠣᠶᠢᠯᠠᠭᠠᠭᠰᠠᠨ ᠢᠶᠠᠷ᠂ ᠥᠨᠦ ᠵᠢᠯ ᠤᠨ ᠶᠡᠭᠡ ᠳᠡᠭᠡᠳᠦ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠲᠠ ᠶᠢ ᠨᠧᠲ ᠳᠡᠭᠡᠷ᠎ᠡ ᠬᠢᠨᠠᠬᠤ ᠴᠠᠭ 6 ᠰᠠᠷ᠎ᠠ ᠶᠢᠨ 10 – 22 ᠤᠨ ᠡᠳᠦᠷ ᠪᠣᠯᠲᠠᠯ᠎ᠠ ᠦᠷᠬᠦᠯᠵᠢᠯᠡᠵᠦ᠂ ᠰᠢᠯᠭᠠᠯᠲᠠ ᠶᠢᠨ ᠬᠢᠷᠢ ᠪᠦᠲᠦᠮᠵᠢ ᠶᠢ 6 ᠰᠠᠷ᠎ᠠ ᠶᠢᠨ 23 ᠤ ᠡᠳᠦᠷ ᠨᠡᠶᠢᠲᠡᠯᠡᠨ᠎ᠠ᠃ ᠰᠢᠯᠭᠠᠭᠤᠯᠤᠭᠰᠠᠳ ᠳᠠᠷᠠᠭᠠᠬᠢ ᠳᠦᠷᠪᠡᠨ ᠵᠦᠢᠯ ᠤᠨ ᠠᠷᠭ᠎ᠠ ᠪᠠᠷ ᠬᠤᠪᠢ ᠪᠠᠨ ᠯᠠᠪᠯᠠᠵᠤ ᠪᠣᠯᠤᠨ᠎ᠠ᠃

1. ᠥᠪᠥᠷ ᠮᠣᠩᠭ᠋ᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠰᠤᠷᠠᠭ ᠵᠠᠩᠭᠢ ᠶᠢᠨ ᠨᠧᠲ(http://www.nm.zsks.cn/) ᠡᠴᠡ ᠯᠠᠪᠯᠠᠵᠤ ᠪᠤᠯᠤᠨ᠎ᠠ᠃

2. ᠭᠠᠷ ᠤᠲᠠᠰᠤ ᠪᠠᠷ 《gkcf ᠰᠢᠯᠭᠠᠭᠤᠯᠤᠭᠴᠢ ᠶᠢᠨ ᠳ᠋ᠤᠭᠠᠷ》 ᠢᠶᠡᠨ ᠣᠬᠤᠷ ᠴᠢᠮᠡᠭᠡ ᠨᠠᠶᠢᠷᠠᠭᠤᠯᠤᠨ ᠪᠢᠴᠢᠵᠤ 10628833  ᠳᠤ ᠢᠯᠡᠭᠡᠨ ᠰᠢᠯᠭᠠᠭᠰᠠᠨ ᠬᠢᠷᠢ ᠪᠦᠲᠦᠮᠵᠢ ᠪᠠᠨ ᠯᠠᠪᠯᠠᠵᠤ ᠪᠣᠯᠤᠨ᠎ᠠ᠃

3. ᠠᠦ᠋ᠲ᠋ᠤᠴᠢᠯᠠᠭᠰᠠᠨ ᠬᠡᠯᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠯᠠᠪᠯᠠᠵᠤ ᠪᠣᠯᠤᠨ᠎ᠠ᠂ ᠣᠷᠣᠨ ᠤ ᠳᠣᠲᠤᠷᠠᠬᠢ ᠳᠤᠮᠳᠠᠳᠤ ᠤᠯᠤᠰ ᠤᠨ ᠨᠢᠭᠡᠲᠦᠮᠡᠯ ᠬᠤᠯᠪᠣᠭᠠᠨ ᠤ ᠬᠡᠷᠡᠭᠯᠡᠭᠴᠢᠳ 16897788 ᠤᠲᠠᠰᠤ ᠪᠡᠷ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠡᠷᠡᠭᠯᠡᠭᠴᠢᠳ 16817788  ᠤᠲᠠᠰᠤ ᠪᠡᠷ᠂ ᠳᠤᠮᠳᠠᠳᠤ ᠤᠯᠤᠰ ᠤᠨ ᠲᠡᠮᠦᠷ ᠵᠠᠮ ᠤᠨ ᠬᠤᠯᠪᠣᠭᠠᠨ ᠤ ᠬᠡᠷᠡᠭᠯᠡᠭᠴᠢᠳ 95105168 ᠤᠲᠠᠰᠤ ᠪᠠᠷ᠂ ᠳᠤᠮᠳᠠᠳᠤ ᠤᠯᠤᠰ ᠤᠨ ᠨᠡᠭᠦᠳᠡᠯ ᠬᠤᠯᠪᠣᠭᠠᠨ ᠤ ᠬᠡᠷᠡᠭᠯᠡᠭᠴᠢᠳ 1255088  ᠤᠲᠠᠰᠤ ᠪᠡᠷ ᠬᠤᠪᠢ ᠪᠠᠨ ᠯᠠᠪᠯᠠᠵᠤ ᠪᠣᠯᠤᠨ᠎ᠠ᠃

4. ᠤᠲᠠᠰᠤ ᠵᠠᠯᠭᠠᠭᠴᠢ ᠲᠠᠢ ᠮᠡᠳᠡᠭᠡ ᠵᠠᠩᠭᠢ ᠶᠢᠨ ᠲᠠᠪᠴᠠᠩ ᠢᠶᠠᠷ ᠯᠠᠪᠯᠠᠵᠤ ᠪᠣᠯᠤᠨ᠎ᠠ᠂ ᠳᠤᠮᠳᠠᠳᠤ ᠤᠯᠤᠰ ᠤᠨ ᠨᠢᠭᠡᠲᠦᠮᠡᠯ ᠬᠤᠯᠪᠣᠭᠠᠨ ᠤ ᠬᠡᠷᠡᠭᠯᠡᠭᠴᠢᠳ 16897788  ᠳᠤ ᠤᠲᠠᠰᠤᠳᠠᠵᠤ ᠯᠠᠪᠯᠠᠵᠤ ᠪᠣᠯᠤᠨ᠎ᠠ᠃

ᠢᠷᠡᠯᠳᠡ᠄ ᠬᠦᠬᠡᠬᠤᠲᠠ ᠶᠢᠨ ᠤᠷᠤᠢ ᠶᠢᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121110149