蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠩᠬᠠᠳᠠᠭᠴᠢ ᠬᠤᠷᠳᠤᠨ ᠤ ᠭᠠᠯᠲᠤ ᠲᠡᠷᠭᠡ ᠶᠢ ᠲᠤᠷᠰᠢᠨ ᠠᠵᠢᠯᠯᠠᠭᠤᠯᠵᠤ ᠡᠬᠢᠯᠡᠪᠡ

2017-06-14 11:39

    ᠰᠢᠨᠬᠤᠸᠠ ᠬᠤᠷᠢᠶ᠎ᠠ  ᠬᠦᠬᠡᠬᠤᠲᠠ ᠶᠢᠨ 6 ᠰᠠᠷ ᠠ ᠶᠢᠨ 13 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠸᠸᠢ ᠵᠢᠩ ᠢᠦᠢ)  13 ᠤ ᠡᠳᠦᠷ ᠡᠴᠡ ᠡᠬᠢᠯᠡᠨ᠂ ᠦᠪᠦᠷ ᠮᠣᠩᠭᠣᠯ ᠤᠨ ᠠᠩᠬᠠᠳᠠᠭᠴᠢ ᠬᠤᠷᠳᠤᠨ ᠤ ᠭᠠᠯᠲᠤ ᠲᠡᠷᠭᠡ ᠪᠤᠯᠬᠤ ᠴᠢᠭᠤᠯᠤᠯᠲᠤ ᠬᠠᠭᠠᠯᠭ᠎ᠠ ᠡᠴᠡ ᠬᠦᠬᠡᠬᠤᠲᠠ ᠬᠦᠷᠬᠦ ᠠᠶᠠᠨᠴᠢᠳ ᠤᠨ ᠲᠤᠰᠬᠠᠢ ᠱᠤᠭᠤᠮ ᠤᠨ ᠤᠯᠠᠭᠠᠨᠴᠠᠪ ᠡᠴᠡ ᠬᠦᠬᠡᠬᠤᠲᠠ ᠵᠡᠭᠦᠨ ᠦᠷᠲᠡᠭᠡ ᠬᠦᠷᠬᠦ ᠬᠡᠰᠡᠭ ᠢ ᠲᠤᠷᠰᠢᠨ ᠠᠵᠢᠯᠯᠠᠭᠤᠯᠵᠤ ᠠᠯᠪᠠᠨ ᠶᠤᠰᠤᠭᠠᠷ ᠠᠰᠢᠭᠯᠠᠯᠲᠠ ᠳᠤ ᠤᠷᠤᠭᠤᠯᠬᠤ ᠳᠤ ᠬᠠᠮᠤᠭ ᠤᠨ ᠡᠴᠤᠰ ᠤᠨ ᠪᠡᠯᠡᠳᠭᠡᠯ ᠬᠢᠪᠠ᠃ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠡᠴᠡ ᠲᠠᠨᠢᠯᠴᠠᠭᠤᠯᠤᠭᠰᠠᠨ ᠢᠶᠡᠷ᠂ ᠭᠤᠤᠯᠳᠠᠭᠤ ᠭᠠᠯᠲᠤ ᠲᠡᠷᠭᠡᠨ ᠤ ᠠᠶᠠᠯᠠᠬᠤ ᠴᠠᠭ ᠤᠨ ᠪᠠᠷᠢᠮᠵᠢᠶ᠎ᠠ᠂ ᠡᠯ᠎ᠠ ᠰᠢᠰᠲ᠋ᠸᠮ ᠨᠢ ᠬᠡᠪ ᠤᠨ ᠪᠠᠶᠢᠳᠠᠯ ᠪᠤᠯᠤᠨ ᠬᠡᠪ ᠤᠨ ᠪᠤᠰᠤ ᠪᠠᠶᠢᠳᠠᠯ ᠳᠡᠬᠢ ᠵᠦᠭᠡᠭᠡᠪᠦᠷᠢᠯᠡᠯᠲᠡ ᠶᠢᠨ ᠵᠤᠬᠢᠶᠠᠨ ᠪᠠᠶᠢᠭᠤᠯᠤᠯᠲᠠ ᠶᠢᠨ ᠵᠤᠬᠢᠴᠠᠬᠤ ᠴᠢᠳᠠᠪᠤᠷᠢ᠂ ᠲᠤᠨᠤᠭ ᠲᠦᠬᠦᠭᠡᠷᠦᠮᠵᠢ ᠰᠠᠭᠠᠳ ᠭᠠᠷᠬᠤ ᠪᠤᠯᠤᠨ ᠪᠠᠶᠢᠭᠠᠯᠢ ᠶᠢᠨ ᠭᠠᠮᠰᠢᠭ ᠳᠡᠬᠢ ᠪᠠᠴᠢᠮ ᠰᠶ᠋ᠢᠳᠪᠦᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠵᠤ᠂ ᠠᠯᠪᠠᠨ ᠶᠤᠰᠤᠭᠠᠷ ᠠᠰᠢᠭᠯᠠᠯᠲᠠ ᠳᠤ ᠤᠷᠤᠭᠤᠯᠬᠤ ᠳᠤ ᠮᠡᠷᠭᠡᠵᠢᠯ ᠤᠨ ᠦᠨᠳᠦᠰᠦᠯᠡᠯ ᠬᠠᠩᠭ᠋ᠠᠨ᠂ ᠲᠤᠷᠰᠢᠨ ᠰᠢᠯᠭᠠᠬᠤ ᠬᠤᠭᠤᠴᠠᠭ᠎ᠠ ᠶᠢ 30 ᠭᠠᠷᠤᠢ ᠡᠳᠦᠷ ᠢᠶᠡᠷ ᠲᠦᠯᠦᠪᠯᠡᠵᠤ ᠪᠤᠢ᠃

    ᠴᠢᠭᠤᠯᠤᠯᠲᠤ ᠬᠠᠭᠠᠯᠭ᠎ᠠ ᠡᠴᠡ ᠬᠦᠬᠡᠬᠤᠲᠠ ᠬᠦᠷᠬᠦ ᠠᠶᠠᠨᠴᠢᠳ ᠤᠨ ᠲᠤᠰᠬᠠᠢ ᠱᠤᠭᠤᠮ ᠤᠨ ᠤᠯᠠᠭᠠᠨᠴᠠᠪ ᠡᠴᠡ ᠬᠦᠬᠡᠬᠤᠲᠠ ᠵᠡᠭᠦᠨ ᠦᠷᠲᠡᠭᠡ ᠬᠦᠷᠬᠦ ᠭᠡᠰᠡᠭ ᠢ ᠦᠨᠦ ᠵᠢᠯ ᠤᠨ 7 ᠰᠠᠷ᠎ᠠ ᠶᠢᠨ ᠰᠡᠭᠦᠯᠴᠢ ᠪᠡᠷ ᠤᠷᠢᠳᠴᠢᠯᠠᠨ ᠠᠰᠢᠭᠯᠠᠯᠲᠠ ᠳᠤ ᠤᠷᠤᠭᠤᠯᠬᠤ ᠪᠡᠷ ᠲᠦᠯᠦᠪᠯᠡᠵᠤ᠂ ᠦᠪᠦᠷ ᠮᠣᠩᠭᠣᠯ ᠤᠨ ᠬᠤᠷᠳᠤᠨ ᠤ ᠭᠠᠯᠲᠤ ᠲᠡᠷᠭᠡ ᠦᠭᠡᠢ ᠲᠡᠤᠬᠡ ᠶᠢ ᠡᠴᠦᠰᠯᠠᠭᠦᠯᠬᠦ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121141341