蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠳᠠᠷᠠᠭ᠎ᠠ ᠭᠠᠷᠠᠭ ᠡᠴᠡ ᠡᠬᠢᠯᠡᠨ 2017 ᠤᠨ ᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠲᠤᠬᠠᠢ ᠪᠠᠶᠢᠳᠠᠯ ᠢ ᠨᠸᠲ ᠢᠶᠡᠷ ᠯᠠᠪᠯᠠᠵᠤ ᠪᠤᠯᠤᠨ᠎ᠠ

2017-06-14 11:39

    ᠰᠢᠨᠬᠤᠸᠠ ᠬᠤᠷᠢᠶ᠎ᠠ   ᠪᠡᠭᠡᠵᠢᠩ ᠤᠨ 6 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ  ᠰᠤᠷᠭᠠᠨ ᠬᠦᠮᠦᠵᠢᠯ ᠤᠨ ᠶᠠᠮᠤᠨ 13 ᠤ ᠡᠳᠦᠷ《 2017 ᠤᠨ ᠤ ᠤᠯᠤᠰ ᠳᠠᠶᠠᠭᠠᠷ ᠤᠨ ᠡᠩ ᠤᠨ ᠶᠡᠬᠡ ᠲᠡᠭᠡᠲᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠨᠸᠲ ᠢᠶᠡᠷ ᠯᠠᠪᠯᠠᠬᠤ ᠭᠠᠷᠠᠭ》 ᠤᠨ ᠠᠵᠢᠯᠯᠠᠭ᠎ᠠ 6 ᠰᠠᠷ᠎ᠠ ᠶᠢᠨ 22 ᠤ ᠡᠳᠦᠷ《 ᠨᠠᠷᠠᠨ ᠭᠡᠷᠡᠯᠲᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ》 ᠤᠨ ᠰᠤᠷᠠᠭ ᠵᠠᠩᠭᠢ ᠶᠢᠨ ᠲᠠᠪᠴᠠᠩ ᠳᠤ ᠡᠬᠢᠯᠠᠨ᠎ᠠ ᠭᠡᠵᠤ ᠨᠡᠶᠢᠳᠡᠯᠠᠪᠠ᠃

    ᠤᠯᠤᠰ ᠳᠠᠶᠠᠭᠠᠷ ᠤᠨ ᠡᠯ᠎ᠠ ᠮᠤᠵᠢ ᠬᠤᠲᠠ ᠶᠢᠨ ᠰᠢᠯᠭᠠᠭᠤᠯᠤᠭᠰᠠᠳ ᠤᠨ ᠡᠷᠡᠮᠡᠯᠵᠡᠯ ᠲᠠᠭᠯᠠᠬᠤ ᠴᠠᠭ ᠤᠨ ᠲᠤᠬᠢᠷᠠᠭᠤᠯᠤᠯᠲᠠ ᠶᠢ ᠦᠨᠳᠦᠰᠦᠯᠡᠵᠤ᠂ ᠦᠨᠦ ᠵᠢᠯ ᠤᠨ ᠨᠸᠲ ᠢᠶᠡᠷ ᠯᠠᠪᠯᠠᠬᠤ ᠠᠵᠢᠯᠯᠠᠭᠠᠨ ᠤ ᠴᠠᠭ ᠨᠢ 6 ᠰᠠᠷ᠎ᠠ ᠶᠢᠨ 22 ᠡᠴᠡ 28 ᠤ ᠡᠳᠦᠷ ᠪᠦᠷᠢ 9 ᠴᠠᠭ ᠡᠴᠡ 17 ᠴᠠᠭ ᠪᠤᠯᠲᠠᠯ᠎ᠠ ᠶᠠᠪᠤᠭᠳᠠᠨ ᠠ᠃ ᠨᠸᠲ ᠢᠶᠡᠷ ᠯᠠᠪᠯᠠᠬᠤ ᠭᠠᠷᠠᠭ ᠤᠨ ᠠᠵᠢᠯᠯᠠᠭᠠᠨ ᠤ ᠬᠤᠭᠤᠴᠠᠭᠠᠨ ᠳᠤ᠂ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶᠠᠲᠤ ᠶᠡᠭᠡ ᠲᠡᠭᠡᠲᠤ ᠰᠤᠷᠭᠠᠭᠤᠯᠢ᠂ ᠤᠯᠠᠩᠭᠢ ᠮᠤᠵᠢ ᠠᠯᠭᠠᠰᠠᠵᠤ ᠰᠤᠷᠤᠭᠴᠢ ᠡᠯᠰᠡᠬᠦ ᠦᠨᠳᠦᠰᠦᠨ ᠠᠩᠭᠢᠲᠤ ᠰᠤᠷᠭᠠᠭᠤᠯᠢ ᠨᠸᠲ ᠢᠶᠡᠷ ᠠᠰᠠᠭᠤᠯᠲᠠ ᠬᠠᠷᠢᠭᠤᠯᠤᠨ᠎ᠠ᠂ ᠡᠭᠦᠨ ᠡᠴᠡ ᠪᠤᠰᠤᠳ᠂ ᠬᠦᠢᠵᠸᠤ᠂ ᠹᠦᠵᠢᠶᠠᠨ᠂ ᠾᠸᠨᠠᠨ᠂ ᠵᠢᠶᠠᠩᠰᠤ ᠵᠡᠷᠭᠡ ᠮᠤᠵᠢ ᠬᠤᠲᠠ 《 ᠨᠠᠷᠠᠨ ᠭᠡᠷᠡᠯᠲᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ》 ᠤᠨ ᠰᠤᠷᠠᠭ ᠵᠠᠩᠭᠢ ᠶᠢᠨ ᠲᠠᠪᠴᠠᠩ ᠳᠤ ᠮᠤᠵᠢ ᠬᠤᠲᠠ ᠶᠢᠨ ᠯᠠᠪᠯᠠᠯᠲᠠ ᠶᠢᠨ ᠲᠤᠰᠬᠠᠢ ᠲᠠᠯᠠᠪᠤᠷ ᠡᠷᠬᠢᠯᠠᠵᠤ᠂ ᠪᠤᠲᠠᠲᠠᠢ ᠲᠤᠬᠢᠷᠠᠭᠤᠯᠤᠯᠲᠠ ᠶᠢ ᠲᠤᠬᠠᠢ ᠶᠢᠨ ᠦᠶ᠎ᠠ ᠳᠤ ᠲᠠᠪᠴᠠᠩ ᠢᠶᠡᠷ ᠨᠡᠶᠢᠲᠡᠯᠡᠬᠦ ᠪᠤᠯᠤᠨ᠎ᠠ᠃

    ᠰᠤᠷᠭᠠᠨ ᠬᠦᠮᠦᠵᠢᠯ ᠤᠨ ᠶᠠᠮᠤᠨ ᠱᠠᠭᠠᠷᠳᠠᠭᠰᠠᠨ ᠨᠢ᠂ ᠡᠯ᠎ᠠ ᠲᠡᠭᠡᠲᠤ ᠵᠡᠷᠭᠡ ᠶᠢᠨ ᠰᠤᠷᠭᠠᠭᠠᠯᠢ ᠶᠡᠭᠡ ᠲᠡᠭᠡᠲᠤ ᠰᠤᠷᠭᠠᠭᠤᠯᠢ ᠶᠢᠨ ᠰᠤᠷᠤᠭᠴᠢ ᠡᠯᠰᠡᠬᠦ《 ᠨᠠᠷᠠᠨ ᠬᠡᠷᠡᠯᠲᠤ ᠢᠨᠵᠸᠨ᠋ᠸᠷᠢᠩ》 ᠢ᠋ ᠪᠤᠲᠠᠲᠠᠢ ᠬᠡᠷᠡᠭᠵᠢᠭᠦᠯᠵᠤ᠂ 2017 ᠤᠨ ᠤ ᠡᠩ ᠤᠨ ᠶᠡᠬᠡ ᠲᠡᠭᠡᠲᠤ ᠰᠤᠷᠭᠠᠭᠤᠯᠢ ᠶᠢᠨ ᠰᠤᠷᠤᠭᠴᠢ ᠡᠯᠰᠡᠬᠦ ᠪᠤᠯᠤᠨ ᠤᠬᠠᠭᠤᠯᠬᠤ ᠠᠵᠢᠯ ᠢ ᠴᠢᠩᠭ᠋ᠠᠳᠬᠠᠵᠤ᠂ ᠰᠤᠷᠠᠭ ᠵᠠᠩᠭᠢ ᠶᠢᠨ ᠵᠦᠪ ᠤᠨᠤᠪᠴᠢᠲᠤ ᠴᠢᠨᠠᠷ ᠪᠤᠯᠤᠨ ᠴᠠᠭᠴᠢ ᠴᠢᠨᠠᠷ ᠢ ᠪᠠᠲᠤᠯᠠᠵᠤ᠂ ᠢᠳᠡᠪᠬᠢᠲᠠᠢ᠂ ᠰᠠᠨᠠᠭᠠᠴᠢᠯᠠᠭ᠎ᠠ ᠲᠠᠢ ᠪᠡᠷ ᠨᠸᠲ ᠤᠨ ᠯᠠᠪᠯᠠᠯᠲᠠ ᠶᠢᠨ ᠠᠵᠢᠯ ᠢ ᠬᠢᠬᠦ ᠬᠡᠷᠡᠭᠲᠠᠢ ᠭᠡᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121141361