蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠦᠨᠳᠦᠷ ᠳᠤᠯᠠᠭᠠᠨ ᠤ ᠰᠢᠷ᠎ᠠ ᠰᠡᠷᠡᠮᠵᠢ ᠶᠢᠨ ᠲᠤᠬᠢᠶ᠎ᠠ ᠶᠢ ᠲᠠᠬᠢᠨᠲᠠ ᠨᠡᠶᠢᠲᠡᠯᠡᠪᠡ

2017-06-15 11:08

    6 ᠰᠠᠷ᠎ᠠ ᠶᠢᠨ 14 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠵᠤᠨ  ᠡᠴᠡ ᠨᠠᠭᠠᠰᠢ ᠬᠤᠶᠠᠳᠡᠬᠢ ᠤᠳᠠᠭ᠎ᠠ ᠦᠨᠳᠦᠷ ᠳᠤᠯᠠᠭᠠᠨ ᠤ ᠰᠢᠷ᠎ᠠ ᠰᠡᠷᠡᠮᠵᠢ ᠶᠢᠨ ᠲᠤᠬᠢᠶ᠎ᠠ ᠨᠡᠶᠢᠲᠡᠯᠡᠪᠡ᠃ 14 ᠤ ᠡᠳᠦᠷ ᠡᠴᠡ ᠡᠬᠢᠯᠡᠨ ᠦᠪᠦᠷ ᠮᠣᠩᠭᠣᠯ ᠤᠨ ᠪᠠᠷᠠᠭᠤᠨ ᠬᠡᠰᠡᠭ ᠪᠤᠯᠤᠨ ᠵᠡᠭᠦᠨ ᠡᠮᠦᠨ᠎ᠠ ᠬᠡᠰᠡᠭ ᠤᠨ ᠪᠦᠰᠨ ᠨᠤᠲᠤᠭ ᠲᠤ ᠦᠨᠳᠦᠷ ᠳᠤᠯᠠᠭᠠᠨ ᠲᠠᠢ ᠴᠠᠭ ᠠᠭᠠᠷ ᠢᠯᠡᠷᠡᠵᠤ ᠬᠠᠮᠤᠭ ᠤᠨ ᠦᠨᠳᠦᠷ ᠠᠭᠠᠷ ᠤᠨ ᠳᠤᠯᠠᠭᠠᠨ 35℃ ᠢ᠋ ᠳᠠᠪᠠᠨ᠎ᠠ᠃

    ᠦᠪᠦᠷ ᠮᠣᠩᠭᠣᠯ ᠤᠨ ᠴᠠᠭ ᠠᠭᠤᠷ ᠤᠨ ᠬᠤᠷᠢᠶ᠎ᠠ ᠶᠢᠨ ᠬᠠᠮᠤᠭ ᠤᠨ ᠰᠢᠨ᠎ᠠ ᠮᠡᠳᠡᠭᠡᠯᠡᠯ ᠢ ᠦᠨᠳᠦᠰᠦᠯᠡᠪᠡᠯ᠂ ᠢᠷᠡᠬᠦ ᠬᠡᠳᠤᠨ ᠬᠤᠨᠤᠭ ᠲᠤ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠢᠶᠡᠷ ᠲᠤᠩᠭ᠋ᠠᠯᠠᠭ ᠠᠭᠠᠭᠢᠮ᠎ᠠ ᠬᠠᠯᠠᠭᠤᠨ ᠪᠠᠶᠢᠵᠤ᠂ ᠵᠡᠭᠦᠨ ᠡᠮᠦᠨ᠎ᠠ ᠪᠦᠰᠡ ᠨᠤᠲᠤᠭ ᠤᠨ ᠠᠭᠠᠷ ᠤᠨ ᠳᠤᠯᠠᠭᠠᠨ35℃ ᠢ᠋ ᠳᠠᠪᠠᠵᠤ᠂ ᠬᠡᠰᠡᠭ ᠪᠦᠰᠡ ᠨᠤᠲᠤᠭ ᠢᠶᠡᠷ 38℃ ᠲᠤ ᠬᠦᠷᠦᠨ᠎ᠠ᠃ ᠤᠷᠢᠳᠴᠢᠯᠠᠨ ᠲᠤᠭᠠᠴᠠᠭᠠᠯᠠᠭᠰᠠᠨ ᠢᠶᠡᠷ᠂ 24 ᠴᠠᠭ ᠤᠨ ᠳᠤᠲᠤᠷ᠎ᠠ᠂ ᠤᠯᠠᠭᠠᠨᠬᠠᠲᠠ ᠬᠤᠲᠠ ᠶᠢᠨ ᠤᠮᠡᠷᠡᠲᠤ ᠬᠡᠰᠡᠭ᠂ ᠲᠦ᠋ᠩᠯᠢᠶᠤᠤ ᠶᠢᠨ ᠶᠡᠬᠡᠩᠬᠢ ᠬᠡᠰᠡᠭ᠂ ᠬᠢᠩᠭ᠋ᠠᠨ ᠠᠶᠢᠮᠠᠭ ᠤᠨ ᠡᠮᠦᠨ᠎ᠡ ᠬᠡᠰᠡᠭ᠂ ᠬᠦᠯᠦᠨ ᠪᠤᠶᠢᠷ ᠬᠤᠲᠠ ᠶᠢᠨ ᠪᠠᠷᠠᠭᠤᠨ ᠡᠮᠦᠨ᠎ᠠ ᠬᠡᠰᠡᠭ ᠤᠨ ᠬᠠᠮᠤᠭ ᠤᠨ ᠦᠨᠳᠦᠷ ᠠᠭᠠᠷ ᠤᠨ ᠳᠤᠯᠠᠭᠠᠨ 37℃ ᠢ᠋ ᠳᠠᠪᠠᠨ᠎ᠠ᠃ ᠴᠠᠭ ᠠᠭᠠᠷ ᠤᠨ ᠲᠤᠰᠬᠠᠢ ᠮᠡᠷᠭᠡᠵᠢᠯᠲᠡᠨ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠯᠠᠭᠤᠨ ᠡᠴᠡ ᠰᠡᠷᠭᠡᠶᠢᠯᠡᠵᠤ ᠬᠠᠯᠠᠭᠤᠨ ᠢ ᠪᠠᠭᠤᠷᠠᠭᠤᠯᠬᠤ ᠪᠡᠯᠡᠳᠭᠡᠯ ᠢᠶᠡᠨ ᠰᠠᠶᠢᠲᠤᠷ ᠬᠢᠬᠦ ᠶᠢ ᠰᠠᠨᠠᠭᠤᠯᠵᠤ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121147975