蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠪᠤᠷᠢ ᠪᠤᠯᠤᠨ ᠡᠮᠨᠠᠯ ᠵᠦᠢ ᠶᠢᠨ ᠠᠨᠠᠭᠠᠬᠤ ᠤᠬᠠᠭᠠᠨ ᠤ ᠰᠠᠯᠪᠤᠷᠢ ESI ᠶ᠋ᠢᠨ ᠡᠮᠦᠨ᠎ᠠ 1% ᠳᠤ ᠵᠢᠬᠰᠠᠭᠠᠭᠳᠠᠪᠠ

2017-06-15 11:08

    ESI ᠶ᠋ᠢᠨ ᠳ᠋ᠠᠶᠢᠲ᠋ᠠ ᠶᠢᠨ ᠬᠠᠮᠤᠭ ᠤᠨ ᠰᠢᠨ᠎ᠠ ᠲᠤᠭ᠎ᠠ ᠪᠦᠷᠢᠳᠭᠡᠯ ᠢ ᠦᠨᠳᠦᠰᠦᠯᠡᠪᠡᠯ᠂ ᠮᠠᠨ ᠤ ᠤᠯᠤᠰ ᠲᠤ ᠨᠡᠶᠢᠲᠡ 9 ᠶᠡᠬᠡ ᠲᠡᠭᠡᠲᠤ ᠰᠤᠷᠭᠠᠭᠤᠯᠢ ESI ᠶ᠋ᠢᠨ ᠡᠮᠦᠨ᠎ᠠ 1% ᠶ᠋ᠢᠨ ᠰᠢᠨᠵᠢᠯᠡᠬᠦ ᠤᠬᠠᠭᠠᠨ ᠤ ᠰᠠᠯᠪᠤᠷᠢ ᠳᠤ ᠵᠢᠬᠰᠠᠭᠠᠭᠳᠠᠪᠠ᠃ ᠡᠭᠦᠨ ᠳᠤ᠂ ᠦᠪᠦᠷ ᠮᠣᠩᠭᠣᠯ ᠤᠨ ᠲᠠᠷᠢᠶᠠᠯᠠᠩ ᠤᠨ ᠶᠡᠬᠡ ᠰᠤᠷᠭᠠᠭᠤᠯᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠪᠤᠷᠢ ᠪᠤᠯᠤᠨ ᠦᠪᠦᠷ ᠮᠣᠩᠭᠣᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠶᠢᠨ ᠡᠮᠨᠠᠯ ᠵᠦᠢ ᠶᠢᠨ ᠠᠨᠠᠭᠠᠬᠤ ᠤᠬᠠᠭᠠᠨ ᠤ ᠰᠠᠯᠪᠤᠷᠢ ᠪᠠᠭᠲᠠᠵᠠᠢ᠃ ᠡᠭᠦᠨ ᠡᠴᠡ ᠡᠮᠦᠨ᠎ᠠ᠂ ᠦᠪᠦᠷ ᠮᠣᠩᠭᠣᠯ ᠡᠴᠡ ᠨᠢᠭᠡ ᠴᠤ ᠰᠤᠷᠭᠠᠭᠤᠯᠢ ᠪᠤᠶᠤ ᠰᠠᠯᠪᠤᠷᠢ ESI ᠶ᠋ᠢᠨ ᠡᠮᠦᠨ᠎ᠠ 1% ᠳᠤ ᠵᠢᠬᠰᠠᠭᠠᠭᠳᠠᠵᠤ ᠪᠠᠶᠢᠭ᠎ᠠ ᠦᠭᠡᠢ᠃

    ESI ᠪᠤᠯ ᠳᠡᠯᠡᠭᠡᠢ ᠶᠢᠨ ᠠᠯᠳᠠᠷᠲᠠᠢ ᠡᠷᠳᠡᠮ ᠰᠢᠨᠵᠢᠯᠡᠭᠡᠨ ᠤ ᠰᠤᠷᠠᠭ ᠵᠠᠩᠭᠢ ᠬᠡᠪᠯᠡᠬᠦ ᠪᠠᠶᠢᠭᠤᠯᠤᠮᠵᠢ ᠪᠤᠯᠬᠤ Thomson Reuters ᠺᠤᠮᠫᠠᠨᠢ ᠡᠴᠡ 2001 ᠤᠨ ᠳᠤ ᠭᠠᠷᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠮᠵᠢᠯᠲᠠ ᠢ ᠨᠢᠬᠲᠠᠯᠠᠵᠤ᠂ ᠰᠢᠨᠵᠢᠯᠡᠬᠦ ᠤᠬᠠᠭᠠᠨ ᠤ ᠬᠦᠭ᠍ᠵᠢᠯᠲᠠ ᠶᠢᠨ ᠬᠠᠨᠳᠤᠰᠢ ᠶᠢ ᠵᠠᠳᠠᠯᠤᠨ ᠳ᠋ᠦᠩᠨᠡᠬᠦ ᠪᠠᠭᠠᠵᠢ ᠂ ᠮᠥᠨᠴᠦ ᠤᠳᠤᠬᠠᠨ ᠤ ᠲᠡᠯᠡᠬᠡᠢ ᠶᠢᠨ ᠬᠦᠷᠢᠶ᠎ᠠ ᠴᠠᠷ᠎ᠠ ᠳᠡᠬᠢ ᠶᠡᠬᠡ ᠲᠡᠭᠡᠲᠤ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠤᠯᠤᠰ ᠪᠤᠯᠤᠨ ᠪᠦᠰᠡ ᠨᠤᠲᠤᠭ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠢᠷᠢ ᠲᠦᠪᠰᠢᠨ ᠢ ᠨᠢᠬᠲᠠᠯᠠᠨ ᠪᠤᠲᠤᠵᠤ ᠵᠢᠭᠠᠯᠲᠠ ᠲᠤᠭ᠎ᠠ ᠶᠢ ᠳ᠋ᠦᠩᠨᠡᠬᠦ ᠰᠢᠰᠲ᠋ᠸᠮ ᠤᠨ ᠨᠢᠭᠡ ᠶᠤᠮ᠃ ESI ᠳ᠋ᠤ ᠵᠢᠬᠰᠠᠭᠠᠬᠳᠠᠬᠤ ᠰᠢᠨᠵᠢᠯᠡᠬᠦ ᠤᠬᠭᠠᠨ ᠤ ᠰᠠᠯᠪᠤᠷᠢ ᠶᠡᠷᠦ ᠨᠢ ᠳᠡᠯᠡᠭᠡᠢ ᠳ᠋ᠠᠬᠢᠨ ᠳᠤ ᠨᠦᠯᠦᠭᠡ ᠴᠤᠤᠲᠠᠢ ᠪᠠᠶᠢᠳᠠᠭ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121148055