蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠡᠨᠡ ᠵᠢᠯ ᠤᠯᠤᠰ ᠳᠠᠶᠠᠭᠠᠷ ᠤᠨ ᠬᠡᠪᠴᠢᠶᠡᠨ ᠡᠴᠡ ᠠᠩᠬ᠎ᠠ ᠤᠳᠠᠭ᠎ᠠ ᠦᠨᠳᠦᠰᠦᠨ ᠠᠩᠬᠢ ᠵᠢᠨ ᠰᠤᠷᠤᠭᠴᠢ ᠡᠯᠰᠡᠬᠦ ᠪᠡᠷ ᠪᠤᠢ

2017-06-16 16:12

    ᠰᠢᠨᠬᠤᠸᠠ ᠬᠤᠷᠢᠶ᠎ᠠ   ᠪᠡᠭᠡᠵᠢᠩ ᠤᠨ 6 ᠰᠠᠷ᠎ᠠ ᠵᠢᠨ 14 ᠤ ᠡᠳᠤᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠸᠸᠢ ᠮᠸᠩ ᠵᠢᠶᠠ)  ᠲᠦᠷᠦᠭᠦᠬᠡᠨ ᠰᠤᠷᠭᠠᠨ ᠬᠦᠮᠦᠵᠢᠯ ᠤᠨ ᠶᠠᠮᠤᠨ ᠤ ᠵᠦᠪᠰᠢᠶᠡᠷᠡᠯ ᠵᠢᠡᠷ ᠪᠠᠶᠢᠭᠤᠯᠤᠭᠰᠠᠨ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠡᠨᠡ ᠵᠢᠯ ᠤᠨ ᠨᠠᠮᠤᠷ ᠡᠴᠡ ᠠᠩᠬ᠎ᠠ ᠤᠳᠠᠭ᠎ᠠ ᠦᠨᠳᠦᠰᠦᠨ ᠠᠩᠬᠢ ᠵᠢᠨ ᠰᠤᠷᠤᠭᠴᠢ ᠡᠯᠰᠡᠬᠦ ᠪᠡᠷ ᠪᠤᠢ᠃ ᠤᠶᠢᠯᠠᠭᠠᠭᠰᠠᠨ ᠢᠶᠡᠷ᠂ 2017 ᠤᠨ ᠳ᠋ᠤ ᠲᠤᠰ ᠰᠤᠷᠭᠠᠭᠤᠯᠢ ᠤᠯᠤᠰ ᠳᠠᠶᠠᠭᠠᠷ ᠤᠨ ᠰᠤᠷᠤᠭᠴᠢ ᠡᠯᠰᠡᠬᠦ 18 ᠮᠤᠵᠢ ᠤᠷᠤᠨ ᠬᠤᠲᠠ ᠡᠴᠡ 390 ᠦᠨᠳᠦᠰᠦᠨ ᠠᠩᠬᠢ ᠵᠢᠨ ᠰᠤᠷᠤᠭᠴᠢ ᠡᠯᠰᠡᠬᠦ ᠪᠡᠷ ᠲᠦ᠋ᠯᠦᠪᠯᠡᠵᠤ ᠪᠠᠶᠢᠨ᠎ᠠ᠃

    ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠪᠤᠯ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠬᠤ ᠰᠤᠷᠤᠭᠴᠢ ᠵᠢᠨ ᠬᠦᠷᠢᠶᠡᠯᠡᠩ ᠵᠢᠡᠷ ᠰᠠᠭᠤᠷᠢ ᠪᠤᠯᠭᠠᠨ᠂ ᠲᠤᠮᠳᠠᠳᠤ ᠤᠯᠤᠰ ᠤᠨ ᠵᠠᠯᠠᠭᠤᠴᠤᠳ ᠤᠨ ᠤᠯᠤᠰ ᠲᠦᠷᠦ ᠵᠢᠨ ᠲᠡᠭᠡᠳᠤ ᠰᠤᠷᠭᠠᠭᠤᠯᠢ ᠵᠢᠨ ᠦᠨᠳᠦᠰᠦᠨ ᠠᠩᠬᠢ ᠶᠢᠨ ᠰᠤᠷᠭᠠᠨ ᠬᠦᠮᠦᠵᠢᠯ ᠵᠢᠴᠢ ᠬᠡᠰᠡᠭ ᠰᠤᠳᠤᠯᠬᠤ ᠰᠤᠷᠤᠭᠴᠢ ᠵᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠡᠶᠢᠯᠡᠭᠦᠯᠵᠤ ᠪᠠᠶᠢᠭᠤᠯᠤᠭᠰᠠᠨ ᠶᠡᠭᠡ ᠰᠤᠷᠭᠠᠭᠤᠯᠢ ᠪᠤᠯᠤᠨ᠎ᠠ᠃ ᠲᠦᠯᠦᠪᠯᠡᠭᠡ ᠵᠢ ᠦᠨᠳᠦᠰᠦᠯᠡᠪᠡᠯ᠂ ᠲᠤᠮᠳᠠᠳᠤ ᠤᠯᠤᠰ ᠤᠨ ᠵᠠᠯᠠᠭᠤᠴᠤᠳ ᠤᠨ ᠤᠯᠤᠰ ᠲᠦᠷᠦ ᠵᠢᠨ ᠲᠡᠭᠡᠳᠤ ᠰᠤᠷᠭᠠᠭᠤᠯᠢ ᠵᠢᠨ 2014 ᠤᠨ᠂ 2015 ᠤᠨ᠂ 2016 ᠤᠨ ᠤ ᠪᠦᠬᠦᠯᠢ ᠡᠳᠤᠷ ᠤᠨ ᠲᠦ᠋ᠷᠢᠮᠳᠤ ᠦᠨᠳᠦᠰᠦᠨ ᠠᠩᠬᠢ ᠵᠢᠨ ᠰᠤᠷᠤᠭᠴᠢ ᠪᠠ 2015 ᠤᠨ᠂ 2016 ᠤᠨ᠂ 2017 ᠤᠨ ᠤ ᠵᠠᠷᠢᠮ ᠲᠤᠰᠬᠠᠢ ᠮᠡᠷᠭᠡᠵᠢᠯ ᠤᠨ ᠠᠰᠫᠢᠷᠠᠨᠲ ᠢ ᠪᠦᠬᠦᠨ ᠢ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠳ᠋ᠤ ᠰᠢᠯᠵᠢᠬᠦᠯᠬᠦ ᠪᠤᠯᠤᠨ᠎ᠠ᠃ ᠲᠤᠮᠳᠠᠳᠤ ᠤᠯᠤᠰ ᠤᠨ ᠵᠠᠯᠠᠭᠤᠴᠤᠳ ᠤᠨ ᠤᠯᠤᠰ ᠲᠦᠷᠦ ᠵᠢᠨ ᠲᠡᠭᠡᠳᠤ ᠰᠤᠷᠭᠠᠭᠤᠯᠢ ᠳ᠋ᠤ ᠲᠠᠬᠢᠵᠤ ᠦᠨᠳᠦᠰᠦᠨ ᠠᠩᠬᠢ ᠵᠢᠨ ᠰᠤᠷᠤᠭᠴᠢ ᠡᠯᠰᠡᠬᠦ ᠦᠭᠡᠢ᠃

    ᠰᠤᠷᠪᠤᠯᠵᠢᠯᠠᠭᠴᠢ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠡᠴᠡ ᠤᠶᠢᠯᠠᠭᠠᠭᠰᠠᠨ ᠨᠢ᠂ 2017 ᠤᠨ ᠳ᠋ᠤ ᠲᠤᠰ ᠰᠤᠷᠭᠠᠭᠤᠯᠢ ᠠᠩᠬᠠᠳᠠᠭᠴᠢ ᠪᠦᠯᠦᠭ ᠦᠨᠳᠦᠰᠦᠨ ᠠᠩᠬᠢ ᠵᠢᠨ ᠰᠤᠷᠤᠭᠴᠢ ᠡᠯᠰᠡᠵᠤ᠂ 4 ᠲᠡᠭᠡᠳᠤ ᠰᠤᠷᠭᠠᠭᠤᠯᠢ ᠳ᠋ᠤ ᠤᠯᠤᠰ ᠲᠦᠷᠦ ᠵᠢᠨ ᠤᠬᠠᠭᠠᠨ ᠬᠢᠭᠡᠳ ᠵᠠᠰᠠᠭ ᠵᠠᠬᠢᠷᠭᠠᠨ ᠤ ᠤᠬᠠᠭᠠᠨ᠂ ᠦᠵᠡᠯ ᠰᠠᠨᠠᠭ᠎ᠠ ᠤᠯᠤᠰ ᠲᠦᠷᠦ ᠵᠢᠨ ᠬᠦᠮᠦᠵᠢᠯ᠂ ᠬᠢᠳᠠᠳ ᠬᠡᠯᠡ ᠤᠳᠬ᠎ᠠ ᠵᠤᠬᠢᠶᠠᠯ᠂ ᠡᠳ᠋ ᠤᠨ ᠵᠠᠰᠠᠭ ᠤᠨ ᠤᠬᠠᠭᠠᠨ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠯᠠᠨ ᠤᠯᠤᠰ ᠤᠨ ᠡᠳ᠋ ᠤᠨ ᠵᠠᠰᠠᠭ ᠬᠢᠭᠡᠳ ᠠᠷᠠᠯᠵᠢᠶ᠎ᠠ᠂ ᠠᠩᠭ᠍ᠯᠢ ᠬᠡᠯᠡ ᠵᠡᠷᠭᠡ 7 ᠲᠤᠰᠬᠠᠢ ᠮᠡᠷᠭᠡᠵᠢᠯ ᠵᠢᠡᠷ 390 ᠪᠦᠬᠦᠯᠢ ᠡᠳᠤᠷ ᠤᠨ ᠲᠦᠷᠢᠮᠳᠤ ᠦᠨᠳᠦᠰᠦᠨ ᠠᠩᠬᠢ ᠵᠢᠨ ᠰᠤᠷᠤᠭᠴᠢ ᠡᠯᠰᠡᠬᠦ ᠪᠡᠷ ᠲᠦᠯᠦᠪᠯᠡᠵᠤ ᠪᠠᠢᠨ᠎ᠠ᠃ ᠡᠬᠦᠨ ᠳ᠋ᠤ ᠪᠡᠭᠡᠵᠢᠩ ᠡᠴᠡ 20 ᠰᠤᠷᠤᠭᠴᠢ ᠡᠯᠰᠡᠬᠦ ᠲᠦᠯᠦᠪᠯᠡᠭᠡ ᠲᠠᠢ᠃

    ᠤᠶᠢᠯᠠᠭᠠᠭᠰᠠᠨ ᠢᠶᠡᠷ᠂ ᠲᠤᠰ ᠰᠤᠷᠭᠠᠭᠤᠯᠢ ᠰᠤᠷᠤᠭᠴᠢ ᠡᠯᠰᠡᠬᠦ ᠮᠤᠵᠢ ᠤᠷᠤᠨ ᠤ ᠲᠤᠬᠠᠢ ᠶᠢᠨ ᠭᠠᠵᠠᠷ ᠤᠨ ᠦᠨᠳᠦᠰᠦᠨ ᠠᠩᠬᠢ ᠵᠢᠨ ᠠᠩᠬᠠᠨ ᠤ ᠪᠦᠯᠦᠭ ᠲᠤ ᠡᠯᠰᠡᠬᠦ ᠬᠠᠮᠤᠭ ᠤᠨ ᠲᠤᠤᠷ᠎ᠠ ᠬᠢᠵᠠᠭᠠᠷ ᠬᠤᠪᠢ ᠡᠴᠡ ᠲᠡᠭᠡᠭ᠍ᠰᠢ ᠬᠤᠪᠢ ᠤᠯᠤᠭᠰᠠᠨ ᠮᠦᠷᠲᠡᠭᠡᠨ ᠰᠤᠷᠭᠠᠭᠤᠯᠢ ᠵᠢᠨ ᠡᠯᠰᠡᠬᠦ ᠪᠠᠷᠢᠮᠵᠢᠶᠠᠨ ᠳ᠋ᠤ ᠨᠡᠶᠢᠴᠡᠭᠰᠡᠨ ᠰᠢᠯᠭᠠᠭᠤᠯᠤᠭᠴᠢ ᠲᠤᠳᠤᠷ᠎ᠠ ᠡᠴᠡ ᠦᠨᠳᠤᠷ ᠬᠤᠪᠢ ᠡᠴᠡ ᠲᠤᠤᠷ᠎ᠠ ᠬᠤᠪᠢ ᠵᠢᠨ ᠲᠠᠷᠠᠭᠠᠯᠠᠯ ᠵᠢᠡᠷ ᠰᠢᠯᠢᠳᠡᠭ ᠢ ᠨᠢ ᠰᠤᠩᠭ᠋ᠤᠵᠤ ᠡᠯᠰᠡᠬᠦ ᠪᠤᠯᠤᠨ᠎ᠠ᠃ ᠪᠤᠢ ᠪᠦᠬᠦᠢ ᠲᠠᠩᠰᠠᠨ ᠳ᠋ᠤ ᠤᠷᠤᠭᠰᠠᠨ ᠰᠢᠯᠭᠠᠭᠤᠯᠤᠭᠴᠢ ᠵᠢᠨ ᠲᠤᠰᠬᠠᠢ ᠮᠡᠷᠭᠡᠵᠢᠯ ᠢ ᠲᠤᠭᠲᠠᠭᠠᠬᠤ ᠳ᠋ᠤ ᠤᠯᠤᠭᠰᠠᠨ ᠬᠤᠪᠢ ᠵᠢ ᠤᠷᠢᠳ ᠵᠢᠡᠷ ᠪᠤᠳᠤᠯᠬᠢᠯᠠᠬᠤ ᠵᠠᠷᠴᠢᠮ ᠢ ᠪᠠᠷᠢᠮᠲᠠᠯᠠᠨ᠂ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠲᠦᠯᠲᠠᠢ ᠰᠢᠯᠭᠠᠯᠲᠠ ᠵᠢᠨ ᠶᠡᠷᠦᠩᠭᠡᠢ ᠬᠢᠷᠢ ᠪᠦᠲᠦᠮᠵᠢ ( ᠨᠡᠮᠡᠯᠲᠡ ᠬᠤᠪᠢ ᠪᠠᠭᠲᠠᠬᠤ ᠦᠭᠡᠢ) ᠪᠡᠷ ᠪᠤᠳᠤᠨ ᠵᠢᠬᠰᠠᠭᠠᠵᠤ᠂ ᠲᠤᠰᠬᠠᠢ ᠮᠡᠷᠭᠡᠵᠢᠯ ᠤᠨ ᠲᠡᠰ ᠤᠨ ᠵᠦ᠋ᠷᠢᠶ᠎ᠡ ᠦᠭᠡᠢ ᠪᠡᠷ ᠡᠯᠰᠡᠨ᠎ᠡ᠃ ᠶᠡᠷᠦᠩᠭᠡᠢ ᠬᠤᠪᠢ ᠨᠢ ᠠᠳᠠᠯᠢ ᠰᠢᠯᠭᠠᠭᠤᠯᠤᠭᠴᠢ ᠵᠢᠨ ᠬᠡᠯᠡ ᠪᠢᠴᠢᠭ᠌᠂ ᠭᠠᠳᠠᠭᠠᠳᠤ ᠬᠡᠯᠡ᠂ ᠲᠤᠭᠠᠨ ᠤ ᠤᠬᠠᠭᠠᠨ᠂ ᠶᠡᠷᠦᠩᠬᠡᠶᠢᠯᠡᠭᠰᠡᠨ ᠬᠢᠴᠢᠶᠡᠯ ᠤᠨ ᠬᠢᠷᠢ ᠪᠦᠲᠦᠮᠵᠢ ᠵᠢ ᠨᠢ ᠲᠠᠷᠠᠭᠠᠯᠠᠨ ᠠᠳᠠᠯᠢᠳᠬᠠᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121157209