蒙古文网站Logo
ᠰᠢᠨᠬᠤᠸᠠ ᠮᠤᠩᠭ᠋ᠤᠯ ᠨᠧᠲ

ᠵᠤᠨ ᠤ ᠠᠮᠠᠷᠠᠯᠲᠠ ᠶ᠋ᠢᠨ ᠬᠤᠭᠤᠴᠠᠭᠠᠨ ᠳ᠋ᠤ ᠤᠯᠤᠰ ᠳᠠᠶᠠᠭᠠᠷ ᠤᠨ ᠲᠡᠮᠦᠷ ᠵᠠᠮ ᠤᠨ ᠠᠶᠠᠨᠴᠢᠳ 6 ᠳ᠋ᠦᠩᠰᠢᠭᠤᠷ ᠰᠢᠬᠠᠮ ᠳ᠋ᠤ ᠬᠦᠷᠬᠦ ᠪᠣᠯᠣᠨ᠎ᠠ

2017-06-16 16:12

    14 ᠤ ᠡᠳᠦᠷ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠣᠮᠫᠠᠨᠢ ᠡᠴᠠ ᠣᠶᠢᠯᠠᠭᠠᠭᠰᠠᠨ ᠢᠶᠠᠷ ᠂ ᠵᠤᠨ ᠤ ᠠᠮᠠᠷᠠᠯᠲᠠ ᠶ᠋ᠢᠨ ᠬᠤᠭᠤᠴᠠᠭᠠᠨ ᠤ ᠠᠶᠠᠨᠴᠢᠳ ᠤᠨ ᠠᠴᠢᠶ᠎ᠠ ᠵᠥᠭᠡᠭᠡᠪᠦᠷᠢ ᠶ᠋ᠢᠨ ᠠᠵᠢᠯ ᠢ ᠰᠠᠶᠢᠨ ᠬᠢᠬᠦ ᠶ᠋ᠢᠨ ᠲᠥᠯᠥᠭᠡ ᠂ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠣᠮᠫᠠᠨᠢ 2017 ᠣᠨ ᠤ ᠵᠤᠨ ᠤ ᠠᠮᠠᠷᠠᠯᠲᠠ ᠶ᠋ᠢᠨ ᠠᠶᠠᠨᠴᠢᠳ ᠤᠨ ᠠᠴᠢᠶ᠎ᠠ ᠵᠥᠭᠡᠭᠡᠪᠦᠷᠢ ᠶ᠋ᠢᠨ ᠠᠵᠢᠯ ᠤᠨ ᠲᠥᠰᠥᠯ ᠲᠣᠭᠲᠠᠭᠠᠵᠤ ᠂ ᠵᠤᠨ ᠤ ᠠᠮᠠᠷᠠᠯᠲᠠ ᠶ᠋ᠢᠨ ᠬᠤᠭᠤᠴᠠᠭᠠᠨ ᠳ᠋ᠤ ᠤᠯᠤᠰ ᠳᠠᠶᠠᠭᠠᠷ ᠤᠨ ᠲᠡᠮᠦᠷ ᠵᠠᠮ ᠢᠶᠠᠷ ᠵᠥᠭᠡᠭᠡᠪᠦᠷᠢᠯᠡᠬᠦ ᠠᠶᠠᠨᠴᠢᠳ 5 ᠳ᠋ᠦᠩᠰᠢᠭᠤᠷ 9 ᠮᠢᠩᠭ᠋᠎ᠠ 8 ᠵᠠᠭᠤᠨ ᠲᠦᠮᠡ ᠳ᠋ᠤ ᠬᠦᠷᠬᠦ ᠪᠣᠯᠣᠨ᠎ᠠ᠃

    2017 ᠣᠨ ᠤ ᠲᠡᠮᠦᠷ ᠵᠠᠮ ᠤᠨ ᠵᠤᠨ ᠤ ᠠᠴᠢᠶ᠎ᠠ ᠵᠥᠭᠡᠭᠡᠪᠦᠷᠢ 7 ᠰᠠᠷ᠎ᠠ ᠶ᠋ᠢᠨ 1 ᠤ ᠡᠳᠦᠷ ᠡᠴᠡ 8 ᠰᠠᠷ᠎ᠠ ᠶ᠋ᠢᠨ 31 ᠤ ᠡᠳᠦᠷ ᠪᠣᠯᠲᠠᠯ᠎ᠠ᠂ ᠨᠡᠶᠢᠲᠡ 62 ᠬᠣᠨᠣᠭ ᠦᠷᠭᠦᠯᠵᠢᠯᠡᠬᠦ ᠪᠣᠯᠣᠨ᠎ᠠ᠃ ᠵᠢᠱᠢᠭᠰᠡᠨ ᠪᠠᠶᠢᠳᠠᠯ ᠡᠴᠠ ᠦᠵᠡᠪᠡᠯ ᠂ ᠵᠤᠨ ᠤ ᠠᠮᠠᠷᠠᠯᠲᠠ ᠶ᠋ᠢᠨ ᠠᠴᠢᠶ᠎ᠠ ᠵᠥᠭᠡᠭᠡᠪᠦᠷᠢ ᠶ᠋ᠢᠨ ᠬᠤᠭᠤᠴᠠᠭᠠᠨ ᠳ᠋ᠤ᠂ ᠤᠯᠤᠰ ᠳᠠᠶᠠᠭᠠᠷ ᠤᠨ ᠲᠡᠮᠦᠷ ᠵᠠᠮ ᠢᠶᠠᠷ ᠵᠥᠭᠡᠭᠡᠪᠦᠷᠢᠯᠡᠬᠦ ᠠᠶᠠᠨᠴᠢᠳ 5 ᠳ᠋ᠦᠩᠰᠢᠭᠤᠷ 9 ᠮᠢᠩᠭ᠋᠎ᠠ 8 ᠵᠠᠭᠤᠨ ᠲᠦᠮᠡ ᠳ᠋ᠤ ᠬᠦᠷᠴᠦ ᠂ ᠨᠢᠳᠤᠨᠤᠨ ᠵᠢᠯ ᠦᠨ ᠠᠳᠠᠯᠢ ᠬᠤᠭᠤᠴᠠᠭᠠᠨ ᠤ ᠬᠢ ᠡᠴᠡ 4970 ᠲᠦᠮᠡᠨ ᠬᠥᠮᠥᠨ ᠨᠡᠮᠡᠭᠳᠡᠵᠦ᠂ ᠡᠳᠦᠷ ᠲᠤ ᠳᠤᠮᠳᠠᠴᠢ ᠪᠠᠷ 965 ᠲᠦᠮᠡᠨ ᠬᠥᠮᠥᠨ ᠵᠥᠭᠡᠭᠡᠪᠦᠷᠢᠯᠡᠵᠦ ᠂ 9.1 % ᠪᠠᠷ ᠨᠡᠮᠡᠭᠳᠡᠬᠦ ᠪᠣᠯᠣᠨ᠎ᠠ ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠤ᠋ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121157235