蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠤᠯᠠᠨ ᠭᠠᠵᠠᠷ ᠲᠤ ᠰᠤᠯᠢᠬ ᠤᠷᠤᠰᠬᠠᠯᠲᠤ ᠴᠠᠭ ᠠᠭᠠᠷ ᠢᠯᠡᠷᠡᠭᠰᠡᠨ ᠢᠶᠡᠷ ᠬᠡᠰᠡᠭ ᠪᠦᠰᠡ ᠨᠤᠲᠤᠭ ᠤᠨ ᠲᠠᠷᠢᠢ᠎ᠠ ᠲᠦᠮᠦᠰᠤ ᠬᠦᠨᠲᠤ ᠨᠤᠴᠢᠲᠠᠢ ᠡᠪᠳᠡᠭᠳᠡᠵᠠᠢ

2017-06-20 10:59

    6 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎᠎ᠠ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠤᠯᠠᠨ ᠭᠠᠵᠠᠷ ᠲᠤ ᠬᠤᠷ᠎ᠠ ᠪᠤᠷᠤᠭᠠᠨ ᠵᠠᠯᠭᠠᠪᠠᠷ ᠤᠷᠤᠵᠤ ᠬᠡᠰᠡᠭ ᠪᠦᠰᠡ ᠨᠤᠲᠤᠭ ᠢᠶᠡᠷ ᠬᠤᠷᠤᠮᠬᠠᠨ ᠵᠠᠭᠤᠷ᠎ᠠ ᠠᠶᠤᠩᠭ᠋ᠠᠲᠤ ᠪᠤᠷᠤᠭᠠᠨ ᠮᠦᠨᠳᠦᠷ ᠵᠡᠷᠭᠡ ᠰᠤᠯᠢᠭ ᠤᠷᠤᠰᠬᠠᠯᠲᠤ ᠴᠠᠭ ᠠᠭᠠᠷ ᠢᠯᠡᠷᠡᠵᠤ ᠲᠠᠷᠢᠶ᠎ᠠ ᠲᠦᠮᠦᠰᠦ ᠬᠦᠨᠲᠤ ᠨᠤᠴᠢᠲᠠᠢ ᠡᠪᠲᠡᠭᠳᠡᠵᠠᠢ᠃

    ᠰᠤᠯᠢᠭ ᠤᠷᠤᠰᠬᠠᠯᠲᠤ ᠴᠠᠭ ᠠᠭᠠᠷ ᠤᠨ ᠨᠦᠯᠦᠭᠡ ᠡᠴᠡ ᠪᠤᠯᠵᠤ᠂ 6 ᠰᠠᠷ᠎ ᠶᠢᠨ 17 ᠤ ᠡᠳᠦᠷ᠂ ᠰᠢᠯᠢ ᠶᠢᠨ ᠭᠤᠤᠯ ᠠᠶᠢᠮᠠᠭ ᠤᠨ ᠲᠤᠯᠤᠨᠨᠠᠭᠤᠷ ᠰᠢᠶᠠᠨ᠂ ᠬᠦᠬᠡᠬᠤᠲᠠ ᠶᠢᠨ ᠲᠦᠮᠡᠳ ᠵᠡᠭᠦᠨ ᠬᠤᠰᠢᠭᠤᠨ ᠳᠤ ᠠᠭᠠᠳᠠᠷ ᠪᠤᠷᠤᠭ᠎ᠠ ᠮᠦᠨᠳᠦᠷ ᠤᠷᠤᠪᠠ᠃ ᠪᠦᠷᠢᠨ ᠪᠤᠰᠤ ᠪᠦᠷᠢᠳᠭᠡᠯ ᠢ ᠦᠨᠳᠦᠰᠦᠯᠡᠪᠡᠯ᠂ ᠳᠤᠯᠤᠨᠨᠠᠭᠤᠷ ᠰᠢᠶᠠᠨ ᠤ ᠡᠳ᠋ ᠤᠨ ᠵᠠᠰᠠᠭ ᠤᠨ ᠰᠢᠭᠤᠳ ᠬᠤᠬᠢᠷᠠᠯ 383 ᠲᠦᠮᠡᠨ ᠲᠦᠬᠦᠷᠢᠭ᠌ ᠲᠤ ᠬᠦᠷᠴᠤ᠂ 1520 ᠾᠸᠺᠲ᠋ᠠᠷ ᠲᠠᠷᠢᠶ᠎ᠠ ᠡᠪᠳᠡᠭᠳᠡᠨ᠂ 1281 ᠬᠦᠮᠦᠨ ᠭᠠᠮᠰᠢᠭᠳᠠᠪᠠ᠃ ᠤᠳᠤᠬᠠᠨ ᠳᠤ ᠭᠠᠮᠰᠢᠭ ᠡᠴᠡ ᠠᠪᠤᠷᠠᠨ ᠲᠤᠰᠠᠯᠠᠬᠤ ᠠᠵᠢᠯ ᠶᠠᠭ ᠶᠠᠪᠤᠭᠳᠠᠵᠤ ᠪᠠᠶᠢᠨ᠎ᠠ᠃ 6 ᠰᠠᠷ᠎ᠠ ᠶᠢᠨ 18 ᠤ ᠡᠳᠦᠷ᠂ ᠦᠪᠦᠷ ᠮᠣᠩᠭᠣᠯ ᠤᠨ ᠶᠡᠬᠡᠩᠬᠢ ᠪᠦᠰᠡ ᠨᠤᠲᠤᠭ ᠢᠶᠡᠷ ᠲᠠᠬᠢᠨ ᠪᠤᠷᠤᠭᠠᠯᠠᠵᠤ᠂ ᠤᠷᠳᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤᠨ ᠤ ᠲᠤᠶᠢᠭ ᠰᠦᠮ᠎᠎ᠡ ᠲᠤᠰᠬᠤᠨ ᠳᠤ ᠠᠭᠠᠳᠠᠷ ᠪᠤᠷᠤᠭᠠᠨ ᠵᠢᠴᠢ ᠦᠨᠳᠡᠭᠡᠨ ᠴᠢᠨᠡᠭᠡᠨ ᠲᠤᠮᠤ ᠮᠦᠨᠳᠦᠷ ᠤᠷᠤᠪᠠ᠂ ᠡᠨᠡᠬᠦ ᠮᠦᠨᠳᠦᠷ ᠨᠢ 20 ᠰᠢᠬᠠᠮ ᠮᠢᠨᠦ᠋ᠲ ᠦᠷᠭᠦᠯᠵᠢᠯᠡᠭᠰᠡᠨ ᠡᠴᠡ ᠤᠶᠢᠷ᠎ᠠ ᠬᠠᠪᠢ ᠶᠢᠨ ᠬᠡᠲᠤᠨ ᠪᠠᠯᠭᠠᠰᠤ ᠠᠳᠠᠯᠢ ᠪᠤᠰᠤ ᠬᠡᠮᠵᠢᠶ᠎ᠠ ᠪᠡᠷ ᠭᠠᠮᠰᠢᠭᠳᠠᠵᠠᠢ᠂ ᠪᠤᠲᠠᠲᠠᠢ ᠡᠳ᠋ ᠤᠨ ᠵᠠᠰᠠᠬ ᠤᠨ ᠬᠤᠬᠢᠷᠠᠯ ᠢ ᠤᠳᠤ ᠶᠠᠭ ᠪᠦᠷᠢᠳᠭᠡᠵᠤ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121175957