蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤ ᠳᠠᠬᠢᠨ ᠪᠤᠷᠤᠭᠠᠯᠠᠵᠤ ᠭᠠᠩ ᠲᠠᠢᠢᠯᠤᠬᠳᠠᠬᠤ ᠪᠤᠯᠤᠮᠵᠢ ᠪᠤᠢ

2017-06-21 11:20

    6 ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎᠎ᠠ ᠡᠴᠡ ᠤᠶᠢᠯᠠᠭᠠᠭᠰᠠᠨ ᠢᠶᠡᠷ᠂ 21 ᠡᠴᠡ 23 ᠤ ᠡᠳᠦᠷ ᠪᠤᠯᠲᠠᠯ᠎ᠠ᠂ ᠦᠪᠦᠷ ᠮᠣᠩᠭᠣᠯ ᠤᠨ ᠶᠡᠬᠡᠩᠬᠢ ᠪᠦᠰᠡ ᠨᠤᠲᠤᠭ ᠢᠶᠡᠷ ᠪᠤᠷᠤᠭᠠᠯᠠᠵᠤ᠂ ᠰᠤᠯᠢᠭ ᠤᠷᠤᠰᠬᠠᠯᠲᠤ ᠴᠠᠭ ᠠᠭᠠᠷ ᠢᠯᠡᠷᠡᠨ ᠭᠠᠩ ᠤᠨ ᠪᠠᠶᠢᠳᠠᠯ ᠢ ᠨᠠᠮᠳᠠᠭᠠᠨ᠎ᠠ᠃

    ᠲᠤᠰ ᠤᠳᠠᠭᠠᠨ ᠤ ᠪᠤᠷᠤᠭ᠎ᠠ ᠨᠢ ᠦᠪᠦᠷ ᠮᠣᠩᠭᠣᠯ ᠤᠨ 6 ᠰᠠᠷ᠎ᠠ ᠡᠴᠡ ᠨᠠᠭᠠᠰᠢᠬᠢ ᠪᠦᠰᠡ ᠨᠤᠲᠤᠭ ᠤᠨ ᠴᠢᠨᠠᠷᠲᠠᠢ ᠲᠤᠮᠳᠠ ᠵᠢᠨ ᠪᠤᠶᠤ ᠰᠢᠷᠦᠬᠦᠨ ᠪᠤᠷᠤᠭᠠᠨ ᠪᠤᠯᠤᠨ᠎ᠠ᠃ ᠭᠤᠤᠯᠳᠠᠭᠤ ᠰᠢᠯᠢ ᠶᠢᠨ ᠭᠤᠤᠯ ᠠᠶᠢᠮᠠᠭ᠂ ᠬᠢᠩᠭ᠋ᠠᠨ ᠠᠶᠢᠮᠠᠭ᠂ ᠲᠦ᠋ᠩᠯᠢᠶᠤᠤ ᠵᠡᠷᠭᠡ ᠪᠦᠰᠡ ᠨᠤᠲᠤᠭ ᠢᠶᠡᠷ ᠤᠷᠤᠵᠤ᠂ ᠡᠮᠦᠨ᠎ᠠ ᠬᠤᠭᠤᠴᠠᠭᠠᠨ ᠤ ᠭᠠᠩ ᠤᠨ ᠪᠠᠶᠢᠳᠠᠯ ᠢ ᠨᠠᠮᠳᠠᠭᠠᠵᠤ᠂ ᠬᠦᠷᠦᠰᠦᠨ ᠤ ᠴᠢᠭᠢᠭ᠍ᠲᠡᠴᠡ ᠶᠢ ᠨᠡᠮᠡᠭᠳᠡᠭᠦᠯᠦᠨ᠎ᠠ᠃ ᠴᠠᠭ ᠠᠭᠠᠷ ᠤᠨ ᠲᠤᠰᠬᠠᠢ ᠮᠡᠷᠭᠡᠵᠢᠯᠲᠡ ᠡᠴᠡ᠂ ᠢᠷᠡᠬᠦ ᠬᠡᠳᠦᠨ ᠬᠤᠨᠤᠭ ᠲᠤ ᠦᠪᠦᠷ ᠮᠣᠩᠭᠣᠯ ᠳᠤ ᠬᠤᠷ᠎ᠠ ᠳᠤᠨᠳᠠᠰᠤ ᠡᠯᠪᠡᠭ᠌᠂ ᠬᠦᠮᠦᠰ ᠴᠠᠭ ᠠᠭᠠᠷ ᠤᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠭᠠᠳᠠᠭᠰᠢ ᠭᠠᠷᠬᠤ ᠳᠤ ᠪᠡᠨ ᠠᠮᠤᠷ ᠲᠦᠪᠰᠢᠨ ᠢ ᠠᠩᠬᠠᠷᠬᠤ ᠬᠡᠷᠡᠭᠲᠠᠢ ᠭᠡᠵᠤ ᠰᠠᠨᠠᠭᠤᠯᠵᠤ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121183758