蒙古文网站Logo
ᠰᠢᠨᠬᠤᠸᠠ ᠮᠤᠩᠭ᠋ᠤᠯ ᠨᠧᠲ

ᠨᠠᠶ᠋ᠮᠠᠨ ᠮᠤᠵᠢ ᠤᠷᠤᠨ ᠤ ᠠᠩᠬᠠᠳᠤᠭᠠᠷ ᠬᠤᠭᠤᠴᠠᠭᠠᠨ ᠤ《ᠠᠰᠤᠷᠤ》 ᠨᠡᠷᠡᠮᠵᠢᠲᠦ ᠴᠠᠬᠠᠷ ᠠᠷᠠᠳ ᠤᠨ ᠲᠠᠭᠤᠤ ᠶᠢᠨ ᠤᠷᠤᠯᠳᠤᠭᠠᠨ ᠶᠠᠪᠤᠭᠳᠠᠭᠤᠯᠬᠤ ᠮᠡᠳᠡᠭᠳᠡᠯ

2017-06-22 11:03

    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠬᠤ ᠪᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠣᠢ ᠶᠢ ᠪᠡᠯᠭᠡᠯᠡᠬᠦ ᠶᠢᠨ ᠲᠤᠯᠠᠳᠠ᠂ ᠥᠪᠡᠷᠮᠢᠴᠡ ᠰᠣᠶᠣᠯ ᠤᠨ ᠭᠠᠶᠢᠬᠠᠮᠰᠢᠭ ᠢ ᠢᠯᠡᠷᠡᠭᠦᠯᠦᠭᠰᠡᠨ ᠨᠠᠶ᠋ᠮᠠᠨ ᠮᠤᠵᠢ ᠤᠷᠤᠨ ᠤ ᠠᠩᠬᠠᠳᠣᠭᠠᠷ ᠬᠤᠭᠤᠴᠠᠭᠠᠨ ᠤ 《ᠠᠰᠤᠷᠤ》 ᠨᠡᠷᠡᠮᠵᠢᠳᠦ ᠴᠠᠬᠠᠷ ᠠᠷᠠᠳ ᠤᠨ ᠲᠠᠭᠤᠤ ᠶᠢᠨ ᠤᠷᠤᠯᠳᠤᠭᠠᠨ ᠢ ᠶᠠᠪᠤᠭᠳᠠᠭᠤᠯᠬᠤ ᠪᠠᠷ ᠪᠠᠶᠢᠨ᠎ᠠ᠃

    ᠠᠭᠤᠯᠭ᠎ᠠ᠄

    ᠤᠷᠤᠯᠳᠤᠭᠠᠨ ᠳᠤ ᠣᠷᠣᠯᠴᠠᠬᠤ ᠳᠠᠭᠤᠤ ᠨᠢ ᠡᠷᠬᠡᠪᠰᠢ ᠣᠳᠣᠬᠠᠨ ᠪᠣᠯᠲᠠᠯ᠎ᠠ ᠣᠯᠠᠮᠵᠢᠯᠠᠭᠳᠠᠨ ᠳᠠᠭᠤᠯᠠᠭᠳᠠᠵᠤ ᠪᠠᠶᠢᠭ᠎ᠠ ᠴᠠᠬᠠᠷ ᠠᠷᠠᠳ ᠤᠨ ᠳᠠᠭᠤᠤ ᠪᠠᠶᠢᠬᠤ ᠬᠡᠷᠡᠭᠲᠡᠢ᠃

    ᠵᠤᠬᠢᠶᠠᠨ ᠪᠠᠶᠢᠭᠤᠯᠬᠤ ᠨᠢᠭᠡᠴᠡ᠄

    1. ᠰᠠᠨᠠᠭᠠᠴᠢᠯᠠᠭᠰᠠᠨ ᠨᠢ᠄ ᠨᠠᠶ᠋ᠮᠠᠨ ᠮᠤᠵᠢ ᠣᠷᠣᠨ ᠤ ᠮᠤᠩᠭᠤᠯ ᠭᠡᠯᠡ ᠪᠢᠴᠢᠭ᠌ ᠤᠨ ᠬᠠᠮᠵᠢᠯᠴᠠᠬᠤ ᠲᠤᠭᠤᠶᠢᠯᠠᠩ ᠤᠨ ᠠᠯᠪᠠᠨ ᠭᠡᠷ᠂ ᠦᠪᠡᠷᠳᠡᠭᠡᠨ ᠵᠠᠰᠠᠬᠤ ᠤᠷᠤᠨ ᠤ ᠲᠠᠭᠤᠤ ᠭᠦᠭᠵᠢᠮᠴᠢᠳ ᠤᠨ ᠨᠠᠶᠢᠭᠡᠮᠯᠢᠭ᠂ ᠰᠢᠯᠢ ᠶᠢᠨ ᠭᠤᠤᠯ ᠠᠶᠢᠮᠠᠭ ᠤᠨ ᠦᠨᠳᠦᠰᠦᠳᠡᠨ ᠱᠠᠰᠢᠨ ᠰᠣᠷᠳᠠᠬᠤᠨ ᠤ ᠭᠡᠷᠡᠭ ᠡᠷᠭᠢᠯᠡᠭᠦ ᠲᠤᠪᠴᠢᠶ᠎ᠠ᠂ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ

    ᠵᠤᠬᠢᠶᠠᠨ ᠪᠠᠶᠢᠭᠤᠯᠬᠤ ᠨᠢᠭᠡᠴᠡ᠄ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠲᠡᠰ᠂ ᠬᠦᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠦᠪᠡᠭᠡᠲᠦ ᠰᠢᠷ᠎ᠠ ᠬᠤᠰᠢᠭᠤᠨ ᠤ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠳᠣᠪᠴᠢᠶ᠎ᠠ

    2. ᠨᠤᠭᠤᠯᠤᠭ᠎ᠠ ᠤᠷᠤᠯᠳᠤᠭᠠᠨ ᠪᠠ ᠰᠢᠢᠳᠪᠤᠷᠢᠳᠦ ᠤᠷᠤᠯᠳᠤᠭᠠᠨ ᠤ ᠴᠠᠭ᠄ 2017 ᠣᠨ ᠤ 7 ᠰᠠᠷ᠎ᠠ ᠶᠢᠨ 18 ᠤ ᠡᠳᠦᠷ

    3. ᠨᠤᠭᠤᠯᠤᠭ᠎ᠠ ᠤᠷᠤᠯᠳᠤᠭᠠᠨ ᠪᠠ ᠰᠢᠢᠳᠪᠤᠷᠢᠳᠦ ᠤᠷᠤᠯᠳᠤᠭᠠᠨ ᠤ ᠶᠠᠪᠤᠭᠳᠠᠭᠤᠯᠬᠤ ᠭᠠᠵᠠᠷ᠄ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤ

    ᠱᠠᠭᠠᠷᠳᠠᠯᠭ᠎ᠠ᠄

    1. ᠤᠷᠤᠯᠳᠤᠭᠠᠨ ᠳᠤ ᠣᠷᠣᠯᠴᠠᠬᠤ ᠳᠠᠭᠤᠴᠢᠳ ᠢ ᠴᠠᠬᠠᠷ ᠨᠤᠲᠤᠭ ᠲᠠᠶᠠᠭᠠᠷ ᠤᠯᠠᠮᠵᠢᠯᠠᠭᠳᠠᠨ ᠲᠠᠷᠬᠠᠭᠰᠠᠨ ᠴᠠᠬᠠᠷ ᠠᠷᠠᠳ ᠤᠨ ᠳᠠᠭᠤᠤ ᠲᠠᠭᠤᠯᠠᠬᠤ ᠶᠢ ᠱᠠᠭᠠᠷᠳᠠᠵᠦ᠂ ᠡᠮᠬᠢᠳᠭᠡᠨ ᠲᠡᠭᠦᠪᠦᠷᠢᠯᠡᠭᠳᠡᠭᠰᠡᠨ ᠴᠠᠬᠠᠷ ᠠᠷᠠᠳ ᠤᠨ ᠳᠠᠭᠤᠤ ᠨᠤᠭᠤᠳ ᠠᠴᠠ ᠰᠣᠩᠭᠤᠨ ᠲᠠᠭᠤᠯᠠᠭᠰᠠᠨ ᠴᠦ ᠪᠣᠯᠣᠨ᠎ᠠ᠃

    2. ᠭᠠᠭᠴᠠ ᠬᠦᠮᠦᠨ ᠤ ᠳᠠᠭᠤᠤ (ᠭᠤᠴᠤᠯᠠᠯ ᠲᠠᠭᠤᠤ) ᠪᠠᠶᠢᠬᠤ ᠬᠡᠷᠡᠭᠲᠡᠢ᠃ ᠳᠠᠭᠤᠯᠠᠬᠤ ᠠᠷᠭ᠎ᠠ ᠪᠠᠷᠢᠯ ᠢ ᠬᠢᠵᠠᠭᠠᠷᠯᠠᠬᠤ ᠦᠭᠡᠢ᠃

    3. ᠳᠠᠭᠤᠤ ᠶᠢ ᠲᠠᠪᠤᠨ ᠮᠢᠨᠦ᠋ᠲ ᠢᠶᠠᠷ ᠬᠢᠵᠠᠭᠠᠷᠯᠠᠨ᠎ᠠ᠃ ᠨᠡᠷ᠎ᠡ ᠮᠡᠳᠡᠭᠦᠯᠬᠦ ᠴᠠᠭ ᠢ ᠤᠳᠣ ᠠᠴᠠ 2017 ᠤᠨ ᠤ 7 ᠰᠠᠷ᠎ᠠ ᠶᠢᠨ 7 ᠤ ᠡᠳᠦᠷ ᠭᠦᠷᠳᠡᠯ᠎ᠡ ᠬᠢᠵᠠᠭᠠᠷᠯᠠᠨ᠎ᠠ᠃

    4. ᠲᠤᠰ ᠤᠳᠠᠭᠠᠨ ᠤ ᠤᠷᠤᠯᠳᠤᠭᠠᠨ ᠢ ᠮᠡᠷᠭᠡᠵᠢᠯ ᠤᠨ ᠲᠤᠭᠤᠶᠢᠯᠠᠩ (ᠡᠯ᠎ᠡ ᠱᠠᠳᠣᠨ ᠤ ᠤᠷᠠᠯᠢᠭ ᠤᠨ ᠪᠦᠯᠬᠦᠮ ᠪᠤᠶᠤ ᠤᠯᠠᠭᠠᠨᠮᠦ᠋ᠴᠢᠷ ᠤᠨ ᠲᠣᠭᠯᠠᠭᠴᠢ᠂ ᠶᠡᠭᠡ ᠳᠡᠭᠡᠳᠦ ᠰᠤᠷᠭᠠᠭᠤᠯᠢ ᠶᠢᠨ ᠣᠷᠠᠯᠢᠭ ᠤᠨ ᠮᠡᠷᠭᠡᠵᠢᠯ ᠤᠨ ᠤᠶᠤᠳᠠᠳ ᠪᠤᠯᠤᠨ ᠮᠡᠷᠭᠡᠵᠢᠯ ᠤᠨ ᠲᠠᠭᠤᠴᠢᠳ ᠢ ᠪᠠᠭᠳᠠᠭᠠᠨ᠎ᠠ) ᠪᠠ ᠮᠡᠷᠭᠡᠵᠢᠯ ᠤᠨ ᠪᠤᠰᠤ ᠲᠤᠭᠤᠶᠢᠯᠠᠩ (ᠮᠠᠯᠴᠢᠨ ᠲᠠᠷᠢᠶᠠᠴᠢᠳ ᠪᠣᠯᠣᠨ ᠠᠵᠢᠯ ᠤᠨ ᠴᠢᠯᠦᠭᠡᠨ ᠤ ᠤᠷᠠᠯᠢᠭ ᠤᠨ ᠲᠤᠷ᠎ᠠ ᠪᠠᠭ᠋ᠠᠳᠠᠳ ᠢ ᠪᠠᠭᠳᠠᠭᠠᠨ᠎ᠠ) ᠭᠡᠵᠦ ᠬᠤᠶᠠᠷ ᠲᠤᠭᠤᠶᠢᠯᠠᠩ ᠬᠤᠪᠢᠶᠠᠵᠦ ᠶᠠᠪᠤᠭᠳᠠᠭᠤᠯᠤᠨ᠎ᠠ᠃

    5. ᠤᠷᠤᠯᠳᠤᠭᠠᠨ ᠳᠤ ᠣᠷᠣᠯᠴᠠᠬᠤ ᠳᠠᠭᠤᠴᠢᠳ ᠨᠢ ᠠᠳᠠᠯᠢ ᠪᠤᠰᠤ ᠶᠢᠨ ᠠᠭᠤᠯᠭ᠎ᠠ ᠲᠠᠢ ᠴᠠᠬᠠᠷ ᠠᠷᠠᠳ ᠤᠨ ᠬᠤᠶᠠᠷ ᠳᠠᠭᠤᠤ ᠶᠢ ᠰᠢᠩᠭᠡᠭᠡᠵᠦ᠂ CD ᠪᠤᠶᠤ MP3 ᠶ᠋ᠢᠨ ᠵᠠᠭᠪᠤᠷ ᠢᠶᠠᠷ᠂ ᠰᠢᠤᠳᠠᠨ ᠪᠤᠶᠤ ᠡᠯᠧᠺᠲ᠋ᠷᠦᠨ ᠭᠤᠪᠢᠭᠤᠯᠭ᠎ᠠ ᠪᠠᠷ ᠨᠡᠷ᠎ᠡ ᠪᠠᠨ ᠮᠡᠳᠡᠭᠦᠯᠦᠨ᠎ᠡ᠃ ᠨᠡᠷ᠎ᠡ ᠮᠡᠳᠡᠭᠦᠯᠭᠦ ᠳᠤ ᠬᠠᠶ᠊ᠢᠭ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠤᠳᠠᠰᠣ ᠪᠠᠨ ᠲᠤᠳᠤᠷᠬᠠᠶᠢᠯᠠᠬᠤ ᠭᠡᠷᠡᠭᠳᠠᠢ᠃

    6. ᠲᠤᠰ ᠤᠷᠤᠯᠳᠤᠭᠠᠨ ᠢ ᠤᠯᠤᠰ ᠲᠠᠶᠠᠭᠠᠷ ᠤᠨ ᠬᠡᠪᠴᠢᠶᠡᠨ ᠳᠤ ᠬᠠᠨᠳᠤᠭᠤᠯᠬᠤ ᠪᠦᠭᠡᠳ ᠮᠤᠩᠭᠤᠯ ᠬᠡᠯᠡ ᠪᠠᠷ ᠲᠠᠭᠤᠯᠠᠬᠤ ᠪᠠᠷ ᠪᠠᠷᠢᠮᠵᠢᠶ᠎ᠠ ᠪᠣᠯᠭᠠᠨ᠎ᠠ᠃

    7. ᠤᠷᠤᠯᠳᠤᠭᠠᠨ ᠤ ᠬᠤᠭᠤᠴᠠᠭᠠᠨ ᠳᠠᠬᠢ ᠲᠠᠭᠤᠴᠢᠳ ᠤᠨ ᠬᠤᠨᠤᠭ ᠤᠨ ᠵᠠᠷᠣᠳᠠᠯ ᠢ ᠵᠤᠬᠢᠶᠠᠨ ᠪᠠᠶᠢᠭᠤᠯᠤᠭᠰᠠᠨ ᠨᠢᠭᠡᠴᠡ ᠠᠴᠠ ᠲᠤᠭᠢᠷᠠᠭᠤᠯᠵᠦ᠂ ᠵᠠᠮ ᠤᠨ ᠵᠠᠷᠤᠳᠠᠯ ᠢᠶᠠᠨ ᠥᠪᠡᠷ ᠲᠡᠭᠡᠨ ᠬᠠᠷᠢᠭᠤᠴᠠᠨ᠎ᠠ᠃

    8. ᠤᠷᠤᠯᠳᠤᠭᠠᠨ ᠳᠤ ᠣᠷᠣᠯᠴᠠᠬᠤ ᠳᠠᠭᠤᠴᠢᠳ ᠢᠷᠡᠵᠦ ᠪᠤᠴᠠᠬᠤ ᠵᠠᠮ ᠤᠨ ᠠᠮᠤᠷ ᠲᠦᠪᠰᠢᠨ ᠪᠠ ᠤᠷᠤᠯᠳᠤᠭᠠᠨ ᠤ ᠬᠤᠭᠤᠴᠠᠭᠠᠨ ᠳᠠᠬᠢ ᠪᠠᠶ᠎ᠡ ᠶᠢᠨ ᠠᠮᠤᠷ ᠲᠦᠪᠰᠢᠨ ᠤ ᠠᠰᠠᠭᠤᠳᠠᠯ ᠢᠶᠠᠨ ᠦᠪᠡᠷ ᠲᠡᠭᠡᠨ ᠬᠠᠷᠢᠭᠤᠴᠠᠨ᠎ᠠ᠃

    9. ᠬᠦᠪᠡᠭᠡᠲᠦ ᠰᠢᠷ᠎ᠠ ᠬᠤᠰᠢᠭᠤᠨ ᠤ ᠠᠯᠪᠠᠨ ᠭᠡᠷᠡᠴᠢᠯᠡᠯ ᠤᠨ ᠭᠠᠵᠠᠷ ᠠᠴᠠ ᠤᠷᠤᠯᠳᠤᠭᠠᠨ ᠤ ᠪᠦᠬᠦ᠋ᠢᠯᠡ ᠶᠠᠪᠤᠴᠠ ᠶᠢ ᠬᠢᠨᠠᠵᠤ ᠠᠯᠪᠠᠨ ᠭᠡᠷᠡᠴᠢᠯᠡᠯ ᠭᠢᠨ᠎ᠡ᠃

    10. ᠰᠠᠨᠠᠭᠠᠴᠢᠯᠠᠭᠰᠠᠨ ᠨᠢᠭᠡᠴᠡ ᠶᠠᠮᠠᠷ ᠴᠦ ᠳᠦᠯᠦᠪᠦᠷᠢ ᠠᠪᠬᠤ ᠦᠭᠡᠢ᠃

    11. ᠤᠷᠤᠯᠳᠤᠭᠠᠨ ᠳᠤ ᠨᠠᠷ᠎ᠠ ᠮᠡᠳᠡᠭᠦᠯᠭᠦ ᠲᠠᠭᠤᠴᠢᠳ ᠪᠦᠭᠦᠯᠢ 18 ᠨᠠᠰᠣ ᠭᠦᠷᠦᠭᠰᠡᠨ ᠪᠠᠶᠢᠬᠤ ᠶᠢ ᠱᠠᠭᠠᠷᠳᠠᠨ᠎ᠠ᠃ (1999 ᠤᠨ ᠤ 7 ᠰᠠᠷ᠎ᠠ ᠶᠢᠨ 1 ᠤ ᠡᠳᠦᠷ ᠠᠴᠠ ᠡᠮᠦᠨᠡᠭᠢ ᠪᠠᠷ ᠭᠢᠵᠠᠭᠠᠷᠯᠠᠨ᠎ᠠ᠃)

    ᠱᠠᠩᠨᠠᠯ ᠤᠯᠭᠤᠬᠤ᠄

    ᠠᠩᠬᠠᠨ ᠤ ᠤᠷᠤᠯᠳᠤᠭᠠᠨ ᠤ ᠬᠢᠨᠠᠭᠴᠢᠳ ᠠᠴᠠ ᠢᠯᠡ᠂ ᠡᠷᠭᠡ ᠲᠡᠭᠰᠢ᠂ ᠦᠷᠢᠰᠦᠯᠳᠦᠭᠡᠨ ᠢᠶᠠᠷ᠂ ᠳᠤᠭᠤᠶᠢᠯᠠᠩ ᠪᠦᠷᠢ ᠳᠤ 20 ᠳᠠᠭᠤᠤ ᠰᠣᠩᠭᠤᠨ ᠦᠯᠡᠳᠡᠭᠡᠵᠦ᠂ ᠨᠤᠭᠤᠯᠤᠭ᠎ᠠ ᠤᠷᠤᠯᠳᠤᠭᠠᠨ ᠳᠤ ᠲᠡᠪᠰᠢᠭᠦᠯᠦᠨ᠎ᠡ᠃ (ᠭᠤᠤᠯᠯᠠᠨ ᠡᠷᠬᠢᠯᠡᠵᠦ ᠪᠠᠶᠢᠭ᠎ᠠ ᠨᠢᠭᠡᠴᠡ ᠠᠴᠠ ᠬᠤᠪᠢ ᠬᠦᠮᠦᠨ ᠳᠤ ᠨᠢ ᠮᠡᠳᠡᠭᠳᠡᠨ᠎ᠡ᠃) ᠨᠤᠭᠤᠯᠤᠭ᠎ᠠ ᠤᠷᠤᠯᠳᠤᠭᠠᠨ ᠤ ᠭᠢᠨᠠᠭᠴᠢᠳ ᠠᠴᠠ ᠢᠯᠡ᠂ ᠡᠷᠭᠡ ᠲᠡᠭᠰᠢ᠂ ᠦᠷᠢᠰᠦᠯᠳᠦᠭᠡᠨ ᠢᠶᠠᠷ᠂ ᠳᠤᠭᠤᠶᠢᠯᠠᠩ ᠪᠦᠷᠢ ᠳᠤ 12 ᠳᠠᠭᠤᠤ ᠰᠢᠯᠭᠠᠷᠠᠭᠤᠯᠤᠨ ᠰᠢᠢᠳᠪᠦᠷᠢᠲᠦ ᠤᠷᠤᠯᠳᠤᠭᠠᠨ ᠳᠤ ᠲᠡᠪᠰᠢᠭᠦᠯᠦᠨ᠎ᠡ᠃ ᠨᠤᠭᠤᠯᠤᠭ᠎ᠠ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠤ ᠬᠠᠪᠰᠣᠷᠣᠯ ᠬᠥᠭᠵᠢᠮ ᠢ ᠤᠷᠤᠯᠳᠤᠭᠠᠨ ᠳᠤ ᠣᠷᠣᠯᠴᠠᠭᠴᠢ ᠦᠪᠡᠷᠲᠡᠭᠡᠨ ᠪᠡᠯᠡᠳᠭᠡᠨ᠎ᠡ᠂ ᠭᠤᠣᠯᠯᠠᠨ ᠡᠷᠬᠢᠯᠡᠵᠦ ᠪᠠᠶᠢᠭ᠎ᠠ ᠨᠢᠭᠡᠴᠡ ᠠᠴᠠ ᠬᠠᠪᠰᠣᠷᠣᠯ ᠬᠥᠭᠵᠢᠮ ᠬᠠᠩᠭᠠᠬᠤ ᠶᠢ ᠬᠠᠷᠢᠭᠤᠴᠠᠬᠤ ᠦᠭᠡᠢ᠃ ᠲᠤᠰ ᠤᠳᠠᠭᠠᠨ ᠤ ᠤᠷᠤᠯᠳᠤᠭᠠᠨ ᠳᠤ ᠲᠤᠳᠤᠷᠠᠭᠰᠠᠨ ᠨᠢᠭᠡᠳᠤᠭᠡᠷ ᠲᠡᠰ ᠲᠤ 1 ᠤᠷᠤᠯᠴᠠᠭᠴᠢ 10000 ᠲᠦᠭᠦᠷᠢᠭ᠂ ᠬᠤᠶᠠᠳᠤᠭᠠᠷ ᠲᠠᠰ ᠲᠤ 2 ᠤᠷᠤᠯᠴᠠᠭᠴᠢ ᠲᠤᠰ ᠪᠦᠷᠢ 5000 ᠲᠦᠭᠦᠷᠢᠭ᠂ ᠭᠤᠷᠪᠠᠳᠤᠭᠠᠷ ᠲᠠᠰ ᠲᠤ 3 ᠤᠷᠤᠯᠴᠠᠭᠴᠢ ᠲᠤᠰ ᠪᠦᠷᠢ 3000 ᠲᠦᠭᠦᠷᠢᠭ᠂ ᠰᠢᠯᠢᠳᠡᠭ ᠲᠡᠰ ᠲᠤ 6 ᠤᠷᠤᠯᠴᠠᠭᠴᠢ ᠲᠤᠰ ᠪᠦᠷᠢ 1000 ᠲᠥᠭᠦᠷᠢᠭ ᠢᠶᠠᠷ ᠱᠠᠩᠨᠠᠬᠤ ᠶᠢᠨ ᠬᠠᠮᠲᠤ ᠢᠷᠠᠭᠤ ᠠᠯᠳᠠᠷ ᠤᠨ ᠦᠨᠡᠮᠯᠡᠯ ᠣᠯᠭᠤᠨ᠎ᠠ᠃

    ᠨᠡᠷ᠎ᠡ ᠮᠡᠳᠡᠭᠦᠯᠬᠦ᠄

    1. ᠰᠢᠤᠳᠠᠨ ᠢᠶᠠᠷ ᠪᠦᠷᠢᠳᠬᠡᠬᠦᠯᠬᠦ ᠬᠠᠶ᠊ᠢᠭ᠄ ᠦᠪᠤᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠤᠳᠠᠨ ᠳ᠋ᠤᠭᠠᠷ᠄ 013250

    2. ᠢᠮᠧᠯ ᠬᠠᠶ᠊ᠢᠭ᠄ WLJIMS@163.com

    ᠬᠤᠯᠪᠤᠭ᠎ᠠ ᠪᠠᠷᠢᠬᠤ ᠬᠦᠮᠦᠨ᠄ ᠪᠦᠷᠢᠨᠲᠡᠭᠦᠰ᠄ 13947950219    ᠮᠦᠳᠠᠨ᠄ 15047915989

         ᠨᠠᠢᠮᠠᠨ ᠮᠤᠵᠢ ᠤᠷᠤᠨ ᠤ ᠠᠩᠬᠠᠳᠤᠭᠠᠷ ᠬᠤᠭᠤᠴᠠᠭᠠᠨ ᠤ 《ᠠᠰᠤᠷᠤ》

         ᠨᠡᠷᠡᠮᠵᠢᠲᠦ ᠴᠠᠬᠠᠷ ᠠᠷᠠᠳ ᠤᠨ ᠲᠠᠭᠤᠤ ᠶᠢᠨ ᠤᠷᠤᠯᠳᠤᠭᠠᠨ ᠤ ᠵᠦᠪᠯᠡᠯ 

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121190681