蒙古文网站Logo
ᠰᠢᠨᠬᠤᠸᠠ ᠮᠤᠩᠭ᠋ᠤᠯ ᠨᠧᠲ

ᠬᠤᠷᠢᠨ ᠲᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠤᠨᠢᠨ ᠮᠡᠳᠡᠭᠡᠨ ᠤ ᠱᠠᠩᠨᠠᠯ ᠳᠤ ᠦᠷᠢᠰᠦᠯᠳᠦᠬᠦ ᠪᠦᠲᠦᠭᠡᠯ  ᠤᠨ ᠢᠯᠡ ᠵᠠᠷᠯᠠᠯ

2017-06-22 11:58

    ᠮᠠᠨ ᠤ ᠨᠡᠶᠢᠭᠡᠮᠯᠢᠭ᠌ 2017 ᠤᠨ ᠤ 6 ᠰᠠᠷ᠎ᠠ ᠶᠢᠨ 21 ᠤ ᠡᠳᠦᠷ ( ᠭᠠᠷᠠᠭ ᠤᠨ ᠭᠤᠷᠪᠠᠨ) ᠡᠴᠡ ᠡᠬᠢᠯᠡᠨ᠂ ᠰᠢᠨᠬᠤᠸᠠ ᠨᠸᠲ᠂ ᠳᠤᠮᠳᠠᠳᠤ ᠤᠯᠤᠰ ᠤᠨ ᠰᠡᠳᠭᠦᠯᠴᠢᠳ ᠤᠨ ᠨᠡᠶᠢᠭᠡᠮᠯᠢᠭ᠌ ᠤᠨ ᠨᠸᠲ ᠢᠶᠡᠷ ᠬᠤᠷᠢᠨ ᠲᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠤᠨᠢᠨ ᠮᠡᠳᠡᠭᠡᠨ ᠤ ᠱᠠᠩᠨᠠᠯ ᠳᠤ ᠦᠷᠢᠰᠦᠯᠳᠦᠬᠦ ᠪᠦᠲᠦᠭᠡᠯ  ᠤᠨ ᠲᠤᠬᠠᠢ ᠢᠯᠡ ᠵᠠᠷᠯᠠᠯ ᠢ ᠨᠡᠶᠢᠲᠡᠯᠡᠪᠡ᠂ ᠨᠡᠶᠢᠭᠡᠮ ᠤᠨ ᠡᠯ᠎ᠠ ᠬᠦᠷᠢᠢ᠎ᠠ ᠴᠡᠷ᠎ᠠ ᠶᠢᠨ ᠬᠦᠮᠦᠰ ᠤᠨ ᠬᠢᠨᠠᠯᠲᠠ ᠲᠠᠯᠪᠢᠵᠤ᠂ ᠦᠨᠡᠯᠡᠭᠡ ᠬᠢᠬᠦ ᠶᠢ ᠬᠦᠰᠡᠵᠦ ᠪᠠᠶᠢᠨ᠎ᠠ᠃

    《 ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠤᠨ ᠦᠨᠡᠯᠡᠨ ᠰᠢᠯᠭᠠᠷᠠᠭᠤᠯᠬᠤ ᠠᠷᠭ᠎ᠠ》 ᠶ᠋ᠢ ᠦᠨᠳᠦᠰᠦᠯᠡᠪᠡᠯ ᠵᠠᠷᠯᠠᠬᠤ ᠴᠠᠭ ᠬᠤᠭᠤᠴᠠᠭ᠎ᠠ ᠨᠢ 10 ᠠᠵᠢᠯᠯᠠᠬᠤ ᠡᠳᠦᠷ ᠡᠴᠡ ᠴᠦᠬᠡᠨ ᠪᠠᠶᠢᠵᠤ ᠪᠤᠯᠬᠤ ᠦᠭᠡᠢ ᠤᠴᠢᠷ ᠡᠴᠡ ᠲᠤᠰ ᠤᠳᠠᠭᠠᠨ ᠤ ᠵᠠᠷᠯᠠᠯ ᠨᠡᠶᠢᠲᠡᠯᠡᠬᠦ ᠬᠤᠭᠤᠴᠠᠭ᠎ᠠ ᠨᠢ 7 ᠰᠠᠷ᠎ᠠ ᠶᠢᠨ 5 ᠤ ᠡᠳᠦᠷ ᠤᠨ 12᠄ 00 ᠴᠠᠭ ᠲᠤ ᠲᠡᠭᠦᠰᠦᠨ᠎ᠠ᠃ ᠡᠭᠦᠨ ᠡᠴᠡ ᠡᠮᠦᠨ᠎ᠠ ᠨᠡᠶᠢᠭᠡᠮ ᠤᠨ ᠡᠯ᠎ᠠ ᠡᠲᠡᠭᠡᠳ ᠤᠳᠠᠰᠤ᠂ ᠹᠠᠺᠠᠰ᠂ ᠵᠠᠬᠢᠳᠠᠯ ᠪᠤᠶᠤ ᠰᠢᠤᠳᠠᠨ ᠢᠶᠡᠷ ᠦᠨᠡᠯᠡᠭᠡ ᠬᠢᠵᠤ ᠢᠯᠡᠴᠢᠯᠡᠨ ᠮᠡᠳᠡᠭᠦᠯᠵᠤ ᠪᠤᠯᠤᠨ᠎ᠠ᠂ ᠬᠤᠭᠤᠴᠠᠭ᠎ᠠ ᠨᠢ ᠬᠡᠲᠤᠷᠠᠪᠠᠯ ᠰᠤᠷᠠᠬ ᠵᠠᠩᠭᠢ ᠬᠦᠯᠢᠶᠡᠨ ᠠᠪᠬᠤ ᠦᠭᠡᠢ᠃

    ᠳᠤᠮᠳᠠᠳᠤ ᠤᠯᠤᠰ ᠤᠨ ᠰᠡᠳᠭᠦᠯᠴᠢᠳ ᠤᠨ ᠬᠤᠯᠪᠤᠭ᠎ᠠ ᠶᠢᠨ ᠱᠠᠩᠨᠠᠯ ᠤᠯᠭᠤᠬᠤ ᠠᠯᠪᠠᠨ ᠡᠴᠡ ᠰᠠᠨᠠᠯ ᠰᠠᠨᠠᠭᠤᠯᠤᠮᠵᠢ ᠶᠢ ᠬᠢᠨᠠᠮᠠᠭᠠᠢ ᠬᠦᠯᠢᠶᠡᠨ ᠠᠪᠴᠤ᠂ ᠢᠯᠡᠴᠢᠯᠡᠨ ᠮᠡᠳᠡᠭᠦᠯᠦᠭᠰᠡᠨ ᠰᠠᠨᠠᠯ ᠢ ᠬᠢᠨᠠᠨ ᠨᠤᠳᠠᠯᠠᠵᠦ᠂ ᠦᠨᠡᠯᠡᠭᠡ ᠰᠢᠭᠦᠮᠵᠢ ᠶᠢ ᠳᠤᠮᠳᠠᠳᠤ ᠤᠯᠤᠰ ᠤᠨ ᠰᠤᠨᠢᠨ ᠮᠡᠳᠡᠭᠡᠨ ᠤ ᠱᠠᠩᠨᠠᠯ ᠰᠤᠩᠭ᠋ᠤᠨ ᠰᠢᠯᠭᠠᠷᠠᠭᠤᠯᠬᠤ ᠵᠦᠪᠯᠡᠯ ᠳᠤ ᠬᠦᠷᠭᠡᠵᠤ ᠯᠠᠪᠯᠠᠯᠲᠠ ᠪᠤᠯᠭᠠᠨ᠎ᠠ᠃

    ᠰᠤᠩᠭ᠋ᠤᠨ ᠰᠢᠯᠭᠠᠷᠠᠭᠤᠯᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠱᠠᠩᠨᠠᠯ ᠤᠯᠭᠤᠬᠤ ᠠᠯᠪᠠᠨ ᠡᠴᠡ ᠰᠢᠨᠬᠤᠸᠠ ᠨᠸᠲ᠂ ᠳᠤᠮᠳᠠᠳᠤ ᠤᠯᠤᠰ ᠤᠨ ᠰᠡᠳᠭᠦᠯᠴᠢᠳ ᠤᠨ ᠨᠡᠶᠢᠭᠡᠮᠯᠢᠭ᠌ ᠤᠨ ᠨᠸᠲ ᠢᠶᠡᠷ ᠰᠤᠩᠭ᠋ᠤᠨ ᠰᠢᠯᠭᠠᠷᠠᠭᠤᠯᠤᠭᠰᠠᠨ ᠦᠷ᠎ᠠ ᠳ᠋ᠦᠩ ᠢ ᠨᠡᠶᠢᠲᠡᠯᠡᠨ᠎ᠠ᠂ ᠨᠡᠶᠢᠭᠡᠮ ᠤᠨ ᠡᠯ᠎ᠠ ᠡᠲᠡᠭᠳ ᠤᠨ ᠬᠢᠨ ᠤ ᠬᠢᠨᠠᠯᠲᠠ ᠲᠠᠯᠪᠢᠵᠤ ᠦᠨᠡᠯᠡᠭᠡ ᠬᠢᠬᠦ ᠶᠢ ᠦᠷᠭᠦᠯᠵᠢᠯᠡᠨ ᠬᠦᠯᠢᠶᠡᠨ ᠠᠪᠬᠤ ᠪᠤᠯᠤᠨ᠎ᠠ᠃

    ᠤᠳᠠᠰᠤ᠄ 010-61002762

    ᠹᠠᠺᠠᠰ᠄ 010-61002726

    ᠢᠮᠸᠯ᠄ 5826@vip.163.com

    ᠬᠠᠶᠠᠭ᠄ ᠪᠡᠭᠡᠵᠢᠩ ᠬᠤᠲᠠ ᠶᠢᠨ ᠵᠡᠭᠦᠨ ᠬᠤᠲᠠ ᠲᠤᠭᠤᠷᠢᠭ ᠤᠨ ᠵᠤ ᠱᠢ ᠺᠸᠤ ᠶᠢᠨ ᠵᠡᠭᠦᠨ ᠭᠤᠳᠤᠮᠵᠢ 7 ᠲᠤᠭᠠᠲᠤ

    ᠰᠢᠤᠳᠠᠨ ᠤ ᠺᠤᠳ᠋᠄ 100062

ᠢᠷᠡᠯᠳᠡ᠄ ᠳᠤᠮᠳᠠᠳᠤ ᠤᠯᠤᠰ ᠤᠨ ᠰᠡᠳᠭᠦᠯᠴᠢᠳ ᠤᠨ ᠨᠡᠶᠢᠭᠡᠮᠯᠢᠭ᠌ ᠤᠨ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121191171