蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠬᠢᠨᠠᠨ ᠪᠠᠶᠢᠴᠠᠭᠠᠬᠤ ᠲᠢᠩᠬᠢᠮ ᠮᠡᠳᠡᠭᠳᠡᠯ ᠪᠠᠭᠤᠯᠭᠠᠵᠤ《 ᠰᠤᠷᠭᠠᠭᠤᠯᠢ ᠳᠠᠪᠰᠢᠭᠰᠠᠨ ᠨᠠᠶᠢᠷ》 ᠬᠢᠬᠦ ᠶᠢ ᠡᠷᠡᠰ ᠴᠠᠭᠠᠵᠠᠯᠠᠪᠠ

2017-06-23 11:05

    ᠤᠯᠤᠰ ᠤᠨ ᠨᠢᠭᠡᠳᠦᠯᠳᠡᠢ ᠰᠢᠯᠭᠠᠯᠳᠠ ᠲᠠᠭᠤᠰᠴᠤ ᠰᠢᠯᠭᠠᠯᠳᠠ ᠵᠢᠨ ᠬᠤᠪᠢ ᠨᠡᠢᠢᠳᠡᠯᠡᠭᠦ ᠲᠠᠰᠢᠷᠠᠮ ᠳ᠋᠋ᠤ᠂ ᠲᠦᠪ ᠤᠨ ᠨᠠᠶ᠋ᠮᠠᠨ ᠲᠤᠬᠳᠠᠭᠠᠯ ᠪᠠ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠢᠵᠢ ᠪᠦᠷᠢᠳᠦᠭᠦᠯᠦᠭᠰᠡᠨ 28 ᠲᠤᠬᠳᠠᠭᠠᠯ ᠤᠨ ᠵᠤᠷᠢᠭ ᠰᠠᠨᠠᠭ᠎ᠠ ᠵᠢᠴᠢ ᠨᠠᠮ ᠤᠨ ᠬᠡᠰᠢᠭᠦᠨ ᠺᠠᠳ᠋ᠷᠴᠤᠳ ᠤᠨ ᠠᠷᠢᠭᠤᠨ ᠴᠢᠭᠡᠴᠢ ᠪᠡᠷ ᠪᠡᠶ᠎ᠠ ᠪᠠᠨ ᠱᠠᠭᠠᠷᠳᠠᠬᠤ ᠬᠠᠮᠢᠶ᠎ᠠ ᠪᠦᠬᠦᠢ ᠲᠤᠬᠳᠠᠭᠠᠯ ᠢ ᠴᠢᠨᠠᠬᠰᠢᠳᠠ ᠬᠦᠨᠵᠡᠭᠡᠢ ᠨᠡᠢᠢᠳᠡᠪᠦᠷᠢᠵᠢᠭᠤᠯᠬᠤ ᠵᠢᠨ ᠲᠦᠯᠦᠭᠡ᠂ ᠲᠦᠷᠦᠭᠦᠭᠡᠨ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ ᠬᠢᠨᠠᠨ ᠪᠠᠢᠢᠴᠠᠭᠠᠬᠤ ᠲᠢᠩᠬᠢᠮ 《ᠲᠤᠬᠳᠠᠭᠠᠯ ᠡᠴᠡ ᠵᠦᠷᠢᠴᠡᠨ〈ᠰᠤᠷᠭᠠᠭᠤᠯᠢ ᠲᠠᠪᠰᠢᠬᠰᠠᠨ ᠨᠠᠢᠢᠷ〉〈ᠪᠠᠬᠰᠢ ᠳ᠋᠋ᠠᠭᠠᠨ ᠲᠠᠯᠠᠷᠬᠠᠬᠤ ᠲᠠᠢᠢᠯᠠᠯᠭ᠎ᠠ〉ᠬᠢᠭᠦ ᠵᠢ ᠡᠷᠡᠰ ᠴᠠᠭᠠᠵᠠᠯᠠᠬᠤ ᠲᠤᠬᠠᠢ ᠮᠡᠳᠡᠭᠳᠡᠯ》( ᠲᠤᠤᠷ᠎ᠠ 《 ᠮᠡᠳᠡᠭᠳᠡᠯ ᠬᠡᠵᠤ ᠲᠦᠭᠦᠮᠴᠢᠯᠡᠨ᠎ᠠ ) ᠪᠠᠭᠤᠯᠭᠠᠵᠤ ᠂ ᠨᠠᠮ ᠤᠨ ᠬᠡᠰᠢᠭᠦᠨ ᠺᠠᠳ᠋ᠷᠴᠤᠳ ᠤᠨ ᠲᠤᠬᠳᠠᠭᠠᠯ ᠡᠴᠡ ᠵᠦᠷᠢᠴᠡᠵᠤ 《ᠰᠤᠷᠭᠠᠭᠤᠯᠢ ᠲᠠᠪᠰᠢᠬᠰᠠᠨ ᠨᠠᠢᠢᠷ》《 ᠪᠠᠬᠰᠢ ᠳ᠋᠋ᠠᠭᠠᠨ ᠲᠠᠯᠠᠷᠬᠠᠬᠤ ᠲᠠᠢᠢᠯᠠᠯᠭ᠎ᠠ》 ᠬᠢᠭᠦ ᠶᠢ ᠡᠷᠡᠰ ᠴᠠᠭᠠᠵᠠᠯᠠᠬᠤ ᠲᠤᠬᠠᠢ ᠲᠠᠬᠢᠨᠳᠠ ᠲᠤᠷᠠᠳᠤᠭᠰᠠᠨ ᠪᠠᠢᠢᠨ᠎ᠠ᠃

    《ᠮᠡᠳᠡᠭᠳᠡᠯ》 ᠳ᠋ᠤ᠂ ᠡᠪ ᠬᠠᠮᠳᠤ ᠨᠠᠮ ᠤᠨ ᠬᠡᠰᠢᠭᠦᠨ᠂ ᠤᠯᠤᠰ ᠤᠨ ᠠᠯᠪᠠᠳᠠᠨ ᠪᠠ ᠤᠯᠤᠰ ᠤᠨ ᠵᠠᠰᠠᠭ ᠵᠠᠬᠢᠷᠭᠠᠨ ᠤ ᠪᠠᠢᠢᠭᠤᠯᠤᠯᠭ᠎ᠠ ᠳ᠋᠋ᠤ ᠲᠤᠰᠢᠶᠠᠯ ᠡᠭᠦᠷᠭᠡᠯᠡᠵᠤ ᠪᠦᠬᠦᠢ ᠬᠦᠮᠦᠰ᠂ ᠤᠨᠴᠠᠭᠠᠢᠢᠯᠠᠨ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠠᠷᠢᠭᠤᠨ ᠴᠢᠭᠡᠴᠢ ᠪᠡᠷ ᠪᠡᠶ᠎ᠠ ᠪᠡᠨ ᠱᠠᠭᠠᠷᠳᠠᠬᠤ᠂ ᠡᠯ᠎ᠠ ᠵᠦᠢᠯ ᠤᠨ ᠲᠤᠬᠳᠠᠭᠠᠯ ᠢ ᠴᠢᠩᠭ᠋᠎ᠠ ᠵᠢᠷᠤᠮᠯᠠᠨ᠂ ᠦᠷ᠎ᠠ ᠬᠡᠤᠭᠡᠳ ᠲᠡᠭᠡᠨ《ᠰᠤᠷᠭᠠᠭᠤᠯᠢ ᠲᠠᠪᠰᠢᠬᠰᠠᠨ ᠨᠠᠢᠢᠷ》《 ᠪᠠᠬᠰᠢ ᠳ᠋᠋ᠠᠭᠠᠨ ᠲᠠᠯᠠᠷᠬᠠᠬᠤ ᠲᠠᠢᠢᠯᠠᠯᠭ᠎ᠠ 》 ᠵᠡᠷᠭᠡ ᠰᠠᠳᠤᠨ ᠲᠦᠷᠦᠯ ᠡᠴᠡ ᠪᠤᠰᠤ ᠬᠦᠮᠦᠰ ᠢ ᠤᠷᠤᠯᠴᠠᠭᠤᠯᠤᠬᠰᠠᠨ ᠨᠠᠢᠢᠷ ᠲᠠᠢᠢᠯᠠᠯᠭ᠎ᠠ ᠬᠢᠭᠦ ᠵᠢ ᠡᠷᠡᠰ ᠴᠠᠭᠠᠵᠠᠯᠠᠵᠤ᠂ ᠰᠠᠳᠤᠨ ᠲᠦᠷᠦᠯ ᠡᠴᠡ ᠪᠤᠰᠤ ᠬᠦᠮᠦᠰ ᠤᠨ ᠲᠠᠢᠢᠯᠠᠯᠭ᠎ᠠ ᠪᠠ ᠪᠤᠰᠤᠳ ᠬᠡᠯᠪᠡᠷᠢ ᠵᠢᠨ ᠲᠠᠢᠢᠯᠠᠯᠭ᠎ᠠ ᠳ᠋᠋ᠤ ᠤᠷᠤᠯᠴᠠᠬᠤ ᠵᠢ ᠡᠷᠡᠰ ᠴᠠᠭᠠᠵᠠᠯᠠᠵᠤ᠂ ᠠᠯᠪᠠᠨ ᠤ ᠵᠤᠭᠤᠰ ᠢ ᠵᠠᠷᠤᠬᠤ ᠂ ᠪᠤᠰᠤᠳ ᠠᠰᠢᠭ ᠲᠤᠰᠠ ᠵᠢᠨ ᠬᠠᠷᠢᠴᠠᠭ᠎ᠠ ᠪᠦᠬᠦᠢ ᠨᠢᠭᠡᠴᠡ ᠵᠢ ᠡᠷᠢᠵᠤ ᠬᠤᠪᠢ ᠬᠦᠮᠦᠨ ᠤ ᠲᠠᠩᠰᠠ ᠪᠠᠨ ᠲᠠᠢᠢᠯᠤᠭᠤᠯᠬᠤ ᠪᠤᠶᠤ ᠬᠡᠤᠭᠡᠳ ᠤᠨ ᠵᠢᠡᠨ ᠰᠤᠷᠤᠯᠭ᠎ᠠ ᠵᠢᠨ ᠰᠦᠢᠳᠭᠡᠯ ᠢ ᠭᠠᠷᠭᠠᠭᠤᠯᠬᠤ ᠵᠡᠷᠭᠡ ᠵᠢ ᠡᠷᠡᠰ ᠴᠠᠭᠠᠵᠠᠯᠠᠨ᠎ᠠ᠃ ᠠᠯᠪᠠᠨ ᠤ ᠮᠠᠰᠢᠨ ᠲᠡᠷᠭᠡ ᠵᠢ ᠬᠦᠳᠡᠯᠭᠡᠭᠦ᠂ ᠠᠯᠪᠠᠨ ᠤ ᠵᠤᠭᠤᠰ ᠵᠢᠡᠷ ᠮᠠᠰᠢᠨ ᠲᠡᠷᠭᠡ ᠲᠦᠷᠢᠶᠡᠰᠦᠯᠡᠭᠦ ᠵᠡᠷᠭᠡ ᠪᠡᠷ ᠦᠷ᠎ᠠ ᠬᠡᠤᠭᠡᠳ ᠪᠠ ᠰᠠᠳᠤᠨ ᠲᠦᠷᠦᠯ ᠵᠢᠡᠨ ᠰᠤᠷᠭᠠᠭᠤᠯᠢ ᠳ᠋᠋ᠤᠨᠢ ᠬᠦᠷᠭᠡᠭᠦ ᠪᠤᠶᠤ ᠵᠤᠭᠠᠴᠠᠭᠤᠯᠬᠤ ᠵᠢ ᠡᠷᠡᠰ ᠴᠠᠭᠠᠵᠠᠯᠠᠬᠤ ᠬᠡᠷᠡᠭᠳᠡᠢ ᠭᠡᠵᠤ ᠱᠠᠭᠠᠷᠳᠠᠪᠠ᠃

    《 ᠮᠡᠳᠡᠭᠳᠡᠯ 》 ᠳ᠋ᠤ ᠂ ᠡᠯ᠎ᠠ ᠱᠠᠳᠤᠨ ᠤ ᠨᠠᠮ ᠤᠨ ᠬᠤᠷᠢᠶ᠎ᠠ(ᠨᠠᠮ ᠤᠨ ᠤᠳᠤᠷᠢᠳᠬᠤ ᠪᠠᠭ)ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠢᠭᠤᠯᠤᠯᠳᠠ ᠵᠢᠨ ᠭᠤᠤᠯ ᠴᠤᠬᠴᠠ ᠵᠢᠨ ᠬᠠᠷᠢᠭᠤᠴᠠᠯᠭ᠎ᠠ ᠪᠠᠨ ᠦᠨᠡᠨᠭᠦ ᠰᠠᠢᠢᠳᠤᠷ ᠬᠦᠢᠴᠡᠳᠭᠡᠵᠤ᠂ ᠲᠤᠬᠠᠢ ᠶᠢᠨ ᠪᠦᠰᠡ ᠨᠤᠲᠤᠭ᠂ ᠲᠤᠬᠠᠢ ᠶᠢᠨ ᠰᠠᠯᠠᠭ᠎ᠠ ᠮᠦᠴᠢᠷ᠂ ᠲᠤᠬᠠᠢ ᠶᠢᠨ ᠨᠢᠭᠡᠴᠡ ᠵᠢᠨ ᠵᠢᠡᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠢᠭᠤᠯᠤᠯᠳᠠ ᠪᠠ ᠤᠳᠤᠷᠢᠳᠬᠤ ᠺᠠᠳ᠋ᠷᠴᠤᠳ ᠤᠨ ᠠᠷᠢᠭᠤᠨ ᠴᠢᠭᠡᠴᠢ ᠪᠡᠷ ᠪᠡᠶ᠎ᠠ ᠪᠠᠨ ᠱᠠᠭᠠᠷᠳᠠᠬᠤ ᠠᠵᠢᠯ ᠢ ᠬᠢᠨᠠᠮᠠᠭᠠᠢ ᠠᠳᠬᠤᠬᠤ ᠬᠡᠷᠡᠭᠳᠡᠢ᠃ ᠨᠠᠮ ᠤᠨ ᠬᠡᠰᠢᠭᠦᠨ ᠪᠤᠯᠤᠨ ᠺᠠᠳ᠋ᠷ ᠤᠨ ᠤᠬᠠᠭᠤᠯᠭ᠎ᠠ ᠬᠦᠮᠦᠵᠢᠯ ᠪᠠ ᠬᠢᠨᠠᠨ ᠬᠠᠮᠢᠶᠠᠷᠤᠯᠳᠠ ᠵᠢᠨ ᠠᠵᠢᠯ ᠢ ᠰᠠᠢᠢᠳᠤᠷ ᠬᠢᠵᠤ᠂ ᠤᠬᠠᠭᠤᠯᠭ᠎ᠠ ᠬᠦᠮᠦᠵᠢᠯ ᠪᠠ ᠰᠡᠷᠬᠡᠢᠢᠯᠡᠨ ᠰᠠᠨᠠᠭᠤᠯᠬᠤ ᠠᠵᠢᠯ ᠢ ᠢᠳᠡᠪᠬᠢᠳᠡᠢ ᠰᠠᠨᠠᠭᠠᠴᠢᠯᠠᠭ᠎ᠠ ᠡᠴᠡ ᠪᠠᠨ ᠰᠠᠢᠢᠳᠤᠷ ᠬᠢᠭᠦ ᠬᠡᠷᠡᠭᠳᠡᠢ ᠭᠡᠵᠤ ᠱᠠᠭᠠᠷᠳᠠᠵᠠᠢ᠃

    《ᠮᠡᠳᠡᠭᠳᠡᠯ》 ᠳ᠋ᠤ᠂ ᠡᠯ᠎ᠠ ᠱᠠᠳᠤᠨ ᠤ ᠰᠠᠬᠢᠯᠭ᠎ᠠ ᠪᠠᠳᠤ ᠪᠠᠢᠢᠴᠠᠭᠠᠬᠤ ᠬᠢᠨᠠᠨ ᠪᠠᠢᠢᠴᠠᠭᠠᠬᠤ ᠪᠠᠢᠢᠭᠤᠯᠤᠯᠭ᠎ᠠ ᠨᠠᠮ ᠤᠨ ᠰᠤᠷᠳᠠᠯ ᠴᠢᠭᠡᠴᠢ ᠵᠠᠰᠠᠭ ᠤᠨ ᠪᠠᠢᠢᠭᠤᠯᠤᠯᠳᠠ ᠵᠢᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠰᠠᠢᠢᠳᠤᠷ ᠬᠦᠢᠴᠡᠳᠭᠡᠵᠤ᠂ ᠬᠢᠨᠠᠯᠳᠠ ᠲᠠᠯᠪᠢᠬᠤ ᠠᠷᠭ᠎ᠠ ᠵᠠᠮ ᠵᠢᠡᠨ ᠦᠷᠭᠡᠳᠭᠡᠨ᠂ ᠬᠢᠨᠠᠯᠳᠠ ᠲᠠᠯᠪᠢᠬᠤ ᠡᠷᠴᠢᠮ ᠵᠢᠡᠨ ᠴᠢᠩᠭ᠋ᠠᠷᠠᠭᠤᠯᠬᠤ ᠬᠡᠷᠡᠭᠳᠡᠢ᠃ ᠲᠤᠬᠳᠠᠭᠠᠯ ᠡᠴᠡ ᠵᠦᠷᠢᠴᠡᠵᠤ 《ᠰᠤᠷᠭᠠᠭᠤᠯᠢ ᠲᠠᠪᠰᠢᠬᠰᠠᠨ ᠨᠠᠢᠢᠷ》《 ᠪᠠᠬᠰᠢ ᠳ᠋᠋ᠠᠭᠠᠨ ᠲᠠᠯᠠᠷᠬᠠᠬᠤ ᠲᠠᠢᠢᠯᠠᠯᠭ᠎ᠠ》ᠬᠢᠭ᠍ᠰᠡᠨ ᠠᠰᠠᠭᠤᠳᠠᠯ ᠢ ᠨᠢᠭᠡ ᠢᠯᠡᠷᠡᠭᠦᠯᠪᠡᠯ ᠨᠢᠭᠡ ᠵᠢ ᠪᠠᠢᠢᠴᠠᠭᠠᠨ ᠰᠢᠢᠳᠪᠦᠷᠢᠯᠡᠵᠤ᠂ ᠤᠯᠠᠨ ᠳᠤ ᠢᠯᠡᠴᠢᠯᠡᠨ ᠵᠠᠷᠯᠠᠬᠤ ᠶᠢᠨ ᠬᠠᠮᠳᠤ ᠲᠤᠬᠠᠢ ᠵᠢᠨ ᠬᠦᠮᠦᠨ ᠡᠴᠡ ᠬᠠᠷᠢᠭᠤᠴᠠᠯᠭ᠎ᠠ ᠶᠢ ᠴᠢᠩᠭ᠋᠎ᠠ ᠨᠡᠭᠡᠮᠵᠢᠯᠡᠵᠤ᠂ ᠲᠠᠷᠡᠴᠢᠯᠠᠨ ᠬᠠᠮᠢᠶ᠎ᠠ ᠪᠦᠬᠦᠢ ᠨᠠᠮ ᠤᠨ ᠬᠤᠷᠢᠶ᠎ᠠ(ᠨᠠᠮ ᠤᠨ ᠤᠳᠤᠷᠢᠳᠬᠤ ᠪᠠᠭ) ᠡᠴᠡ ᠭᠤᠤᠯ ᠴᠤᠬᠴᠠ ᠵᠢᠨ ᠬᠠᠷᠢᠭᠤᠴᠠᠯᠭ᠎ᠠ ᠪᠠ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ(ᠰᠠᠬᠢᠯᠭ᠎ᠠ ᠪᠠᠳᠤ ᠪᠠᠢᠢᠴᠠᠭᠠᠬᠤ ᠪᠠᠭ) ᠡᠴᠡ ᠬᠢᠨᠠᠯᠳᠠ ᠲᠠᠯᠪᠢᠬᠰᠠᠨ ᠬᠠᠷᠢᠭᠤᠴᠠᠯᠭ᠎ᠠ ᠵᠢ ᠴᠢᠩᠭ᠋᠎ᠠ ᠨᠡᠭᠡᠮᠵᠢᠯᠡᠭᠦ ᠬᠡᠷᠡᠭᠳᠡᠢ ᠬᠡᠵᠤ ᠱᠠᠭᠠᠷᠳᠠᠪᠠ᠃

    ᠦᠪᠦᠷ ᠮᠣᠩᠭᠣᠯ ᠤᠨ ᠦᠪᠡᠷᠳᠡᠭᠡᠨ ᠵᠠᠰᠬᠠᠤ ᠤᠷᠤᠨ ᠤ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ ᠬᠢᠨᠠᠨ ᠪᠠᠢᠢᠴᠠᠭᠠᠬᠤ ᠲᠢᠩᠬᠢᠮ ᠤᠨ ᠢᠯᠡᠴᠢᠯᠡᠨ ᠮᠡᠳᠡᠭᠦᠯᠭᠦ ᠤᠳᠠᠰᠦ᠄ 0471-12388

    ᠢᠯᠡᠴᠢᠯᠡᠨ ᠮᠡᠳᠡᠭᠦᠯᠭᠦ ᠨᠸᠲ᠄ neimeng.12388.gov.cn

    ᠢᠯᠡᠴᠢᠯᠡᠨ ᠮᠡᠳᠡᠭᠦᠯᠭᠦ ᠬᠠᠶ᠊ᠢᠭ᠄ ᠦᠪᠦᠷ ᠮᠣᠩᠭᠣᠯ ᠤᠨ ᠦᠪᠡᠷᠳᠡᠭᠡᠨ ᠵᠠᠰᠬᠠᠤ ᠤᠷᠤᠨ ᠤ ᠰᠠᠬᠢᠯᠭ᠎ᠠ ᠪᠠᠳᠤ ᠪᠠᠢᠢᠴᠠᠭᠠᠬᠤ ᠬᠤᠷᠢᠶ᠎ᠠ ᠵᠢᠨ ᠵᠠᠬᠢᠳᠠᠯ ᠰᠤᠷᠪᠤᠯᠵᠢᠯᠠᠭ᠎ᠠ ᠵᠢᠨ ᠲᠠᠰᠤᠭ (ᠬᠢᠨᠠᠨ ᠪᠠᠢᠢᠴᠠᠭᠠᠬᠤ ᠲᠢᠩᠬᠢᠮ ᠤᠨ ᠢᠯᠡᠴᠢᠯᠡᠨ ᠮᠡᠳᠡᠭᠦᠯᠭᠦ ᠲᠦᠪ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121197723