蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠳᠤ ᠬᠤᠶᠠᠷ ᠠᠭᠠᠷ ᠠᠶᠠᠯᠠᠯ ᠤᠨ ᠱᠤᠭᠤᠮ ᠨᠡᠮᠡᠭᠳᠡᠪᠠ

2017-06-28 11:22

    ᠦᠪᠦᠷ ᠮᠣᠩᠭᠣᠯ ᠤᠨ ᠵᠢᠭᠤᠯᠴᠢᠯᠠᠯ ᠤᠨ ᠬᠦᠭ᠍ᠵᠢᠶᠡᠨᠲᠤ ᠤᠯᠠᠷᠢᠯ ᠤᠨ ᠬᠦᠷᠴᠤ ᠢᠷᠡᠬᠦ ᠶᠢ ᠳᠠᠭᠠᠯᠳᠤᠨ᠂ ᠡᠯ᠎ᠠ ᠡᠠᠭᠠᠷ ᠠᠶᠠᠯᠠᠯ ᠤᠨ ᠺᠤᠮᠫᠠᠨᠢ ᠵᠢᠭᠤᠯᠴᠢᠯᠠᠯ ᠤᠨ ᠬᠦᠭ᠍ᠵᠢᠶᠠᠨᠲᠤ ᠬᠤᠲᠠ ᠳᠤ ᠰᠢᠨ᠎ᠠ ᠠᠭᠠᠷ ᠠᠶᠠᠯᠠᠯ ᠤᠨ ᠱᠤᠭᠤᠮ ᠨᠡᠮᠡᠪᠡ᠃ ᠵᠢᠢ ᠰᠢᠶᠠᠩ ᠠᠭᠠᠷ ᠠᠶᠠᠯᠠᠯ᠂ ᠳ᠋ᠦᠩ ᠬᠠᠢ ᠠᠭᠠᠷ ᠠᠶᠠᠯᠠᠯ 6 ᠰᠠᠷ᠎᠎ᠠ ᠶᠢᠨ 23 ᠤ ᠡᠳᠦᠷ ᠲᠤᠰ ᠪᠦᠷᠢ ᠬᠦᠬᠡᠬᠤᠲᠠ - ᠨᠠᠨᠵᠢᠩ ᠴᠢᠭᠯᠡᠯ ᠤᠨ ᠠᠭᠠᠷ ᠠᠶᠠᠯᠠᠯ ᠤᠨ ᠱᠤᠭᠤᠮ ᠪᠤᠯᠤᠨ ᠱᠸᠨᠵᠸᠨ - ᠬᠦᠬᠡᠬᠤᠲᠠ- ᠬᠠᠶᠢᠯᠠᠷ ᠴᠢᠭᠯᠡᠯ ᠤᠨ ᠠᠭᠠᠷ ᠠᠶᠠᠯᠠᠯ ᠤᠨ ᠱᠤᠭᠤᠮ ᠢ ᠰᠢᠨ᠎ᠠ ᠪᠡᠷ ᠨᠡᠮᠡᠵᠠᠢ᠃

    ᠤᠶᠢᠯᠠᠭᠠᠭᠰᠠᠨ ᠢᠶᠡᠷ᠂ ᠵᠢᠢ ᠰᠢᠶᠠᠩ ᠠᠭᠠᠷ ᠠᠶᠠᠯᠠᠯ ᠡᠴᠡ ᠡᠵᠡᠩᠨᠡᠵᠤ ᠪᠠᠶᠢᠭ᠎ᠠ ᠬᠦᠬᠡᠬᠤᠲᠠ - ᠨᠠᠨᠵᠢᠩ ᠴᠢᠭᠯᠡᠯ ᠤᠨ ᠠᠭᠠᠷ ᠠᠶᠠᠯᠠᠯ ᠤᠨ ᠱᠤᠭᠤᠮ ᠨᠢ A320 ᠵᠠᠭᠪᠤᠷ ᠤᠨ ᠨᠢᠰᠬᠦ ᠤᠩᠭ᠋ᠤᠴᠠ ᠪᠡᠷ ᠠᠶᠠᠯᠠᠵᠤ᠂ ᠨᠢᠰᠦᠯᠭᠡ ᠶᠢᠨ ᠳ᠋ᠤᠭᠠᠷ ᠨᠢ HO1641/1642᠂ ᠡᠳᠦᠷ ᠪᠦᠷᠢ ᠨᠢᠭᠡ ᠨᠢᠰᠦᠯᠭᠡ ᠲᠠᠢ᠃ ᠱᠸᠨᠵᠸᠨ - ᠬᠦᠬᠡᠬᠤᠲᠠ- ᠬᠠᠶᠢᠯᠠᠷ ᠴᠢᠭᠯᠡᠯ ᠤᠨ ᠠᠭᠠᠷ ᠠᠶᠠᠯᠠᠯ ᠤᠨ ᠱᠤᠭᠤᠮ ᠨᠢ ᠪᠸᠤᠶ᠊ᠢᠩ 737 ᠵᠠᠭᠪᠤᠷ ᠤᠨ ᠨᠢᠰᠬᠦ ᠤᠩᠭ᠋ᠤᠴᠠ ᠪᠡᠷ ᠠᠶᠠᠯᠠᠵᠤ᠂ ᠨᠢᠰᠦᠯᠭᠡ ᠶᠢᠨ ᠳ᠋ᠤᠭᠠᠷ ᠨᠢ DZ6219/6220᠂ ᠡᠳᠦᠷ ᠪᠦᠷᠢ ᠨᠢᠭᠡ ᠨᠢᠰᠦᠯᠭᠡ ᠲᠠᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121225900