蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠪᠦᠰᠠ ᠶᠢᠨ ᠭᠠᠵᠠᠷ ᠣᠷᠣᠨ ᠳᠤ ᠦᠢᠯᠡᠴᠢᠯᠡᠬᠦ ᠲᠥᠯᠥᠪᠯᠡᠭᠡ  ᠶᠢᠨ ᠡᠯᠰᠡᠬᠦ ᠰᠢᠯᠭᠠᠯᠲᠠ ᠬᠢᠪᠡ

2017-06-28 16:13

    6 ᠰᠠᠷ᠎ᠠ ᠶᠢᠨ 25 ᠤ ᠡᠳᠦᠷ᠂ ᠥᠪᠥᠷ ᠮᠣᠩᠭ᠋ᠤᠯ ᠤᠨ 2017 ᠣᠨ ᠤ ᠤᠶᠤᠲᠠᠳ ᠤᠨ ᠰᠠᠶᠢᠨ‌‍ᠲ᠋ᠤᠷ᠎ᠠ ᠠᠴᠠ ᠪᠠᠨ ᠪᠠᠷᠠᠭᠤᠨ ᠪᠦᠰᠡ ᠶᠢᠨ ᠭᠠᠵᠠᠷ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠡᠯᠰᠡᠬᠦ ᠰᠢᠯᠭᠠᠯᠲᠠ ᠶᠢᠨ ᠪᠢᠷ ᠤᠨ ᠰᠢᠯᠭᠠᠯᠲᠠ᠂ ᠨᠢᠭᠤᠷᠳᠠᠯ ᠰᠢᠯᠭᠠᠯᠲᠠ ᠥᠪᠥᠷ ᠮᠣᠩᠭ᠋ᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠳᠤ ᠶᠠᠪᠤᠭᠳᠠᠪᠠ᠃ ᠰᠠᠶᠢᠨ ᠳᠤᠷᠠᠴᠤᠳ ᠤᠨ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ᠂ ᠡᠯ᠎ᠡ ᠶᠡᠭᠡ ᠳᠡᠭᠡᠳᠦ ᠰᠤᠷᠭᠠᠭᠤᠯᠢ ᠠᠩᠬ᠎ᠠ ᠬᠢᠨᠠᠬᠤ᠂ ᠦᠢᠯᠡᠴᠢᠯᠡᠭᠡᠨ ᠤ ᠬᠤᠰᠢᠭᠤ ᠰᠢᠶᠠᠨ ᠲᠣᠭᠤᠷᠢᠭ ᠤᠨ ᠲᠦᠷᠦᠯ ᠵᠦᠢᠯ ᠤᠨ ᠠᠯᠪᠠᠨ ᠭᠡᠷ ᠬᠢᠨᠠᠨ ᠬᠠᠷᠭᠤᠭᠤᠯᠬᠤ ᠪᠠᠷ ᠳᠠᠮᠵᠢᠨ᠂ ᠨᠡᠶᠢᠲᠡ 1270 ᠰᠢᠯᠭᠠᠭᠤᠯᠤᠭᠴᠢ ᠡᠯᠰᠡᠬᠦ ᠰᠢᠯᠭᠠᠯᠲᠠ ᠳᠤ ᠤᠷᠤᠯᠴᠠᠪᠠ᠂ ᠬᠠᠮᠤᠭ ᠰᠡᠭᠦᠯ ᠳᠤ 485 ᠰᠠᠶᠢᠨ ᠳᠤᠷᠠᠴᠤᠳ ᠢ ᠰᠤᠩᠭ᠋ᠤᠨ ᠦᠢᠯᠡᠴᠢᠯᠡᠭᠡ ᠳᠤ ᠤᠷᠤᠯᠴᠠᠭᠤᠯᠬᠤ ᠪᠤᠯᠤᠨ᠎ᠠ᠃ ᠲᠡᠳᠡ ᠭᠤᠣᠯᠳᠠᠭᠤ ᠣᠷᠣᠨ ᠤ ᠳᠣᠲᠣᠷᠠᠬᠢ ᠡᠯ᠎ᠡ ᠶᠡᠭᠡ ᠳᠡᠭᠡᠳᠦ ᠰᠤᠷᠭᠠᠭᠤᠯᠢ ᠠᠴᠠ ᠲᠤᠰ ᠵᠢᠯ ᠲᠡᠭᠦᠰᠬᠦ ᠵᠢᠩᠬᠢᠨᠢ ᠠᠩᠭᠢ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢᠳ ᠪᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠵᠢᠴᠢ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠥᠪᠥᠷ ᠮᠣᠩᠭ᠋ᠤᠯ ᠨᠤᠲᠤᠭ ᠲᠠᠢ ᠲᠤᠰ ᠵᠢᠯ ᠲᠡᠭᠦᠰᠬᠦ ᠰᠤᠷᠤᠭᠴᠢᠳ ᠪᠤᠯᠤᠨ᠎ᠠ᠃ ᠡᠨᠡ ᠵᠢᠯ ᠥᠪᠥᠷ ᠮᠣᠩᠭ᠋ᠤᠯ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠷᠥᠯ ᠵᠦᠢᠯ ᠳᠤ 2000 ᠭᠠᠷᠤᠢ ᠬᠦᠮᠦᠨ ᠨᠡᠷ᠎ᠡ ᠮᠡᠳᠡᠭᠦᠯᠵᠦ᠂ ᠡᠯᠰᠡᠬᠦ ᠨᠡᠷᠡᠰ ᠢ ᠥᠪᠥᠷ ᠮᠣᠩᠭ᠋ᠤᠯ ᠤᠨ ᠰᠠᠶᠢᠨ ᠳᠤᠷᠠᠴᠤᠳ ᠤᠨ ᠨᠸᠲ (www.nmzyz.org.cn) ᠳᠡᠭᠡᠷ᠎ᠡ ᠨᠡᠶᠢᠲᠡᠯᠡᠨ᠎ᠡ᠃

ᠢᠷᠡᠯᠳᠡ᠄ ᠤᠮᠠᠷᠠᠲᠤ ᠶᠢᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121227831