蒙古文网站Logo
ᠰᠢᠨᠬᠤᠸᠠ ᠮᠤᠩᠭ᠋ᠤᠯ ᠨᠧᠲ

ᠬᠠᠯᠠᠭᠤᠨ ᠷᠠᠰᠢᠶᠠᠨ ᠤ ᠨᠠᠶᠢᠷ ᠤᠳᠠᠬᠤ ᠦᠭᠡᠢ ᠡᠬᠢᠯᠡᠬᠦ ᠪᠡᠷ ᠪᠤᠢ

2017-06-28 16:13

    27 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠢᠩᠭ᠋ᠠᠨ ᠠᠶᠢᠮᠠᠭ ᠤᠨ ᠵᠠᠰᠠᠭ ᠤᠨ ᠤᠷᠳᠤᠨ ᠤ ᠮᠡᠳᠡᠭᠡ ᠶᠢ ᠦᠨᠳᠦᠰᠦᠯᠡᠪᠡᠯ 《 2017 ᠳᠤᠮᠳᠠᠳᠤ ᠤᠯᠤᠰ· ᠷᠠᠰᠢᠶᠠᠨ ᠤ ᠤᠯᠠᠨ ᠤᠯᠤᠰ ᠤᠨ ᠬᠠᠯᠠᠭᠤᠨ ᠷᠠᠰᠢᠶᠠᠨ ᠤ ᠨᠠᠶᠢᠷ》 ᠤᠳᠠᠬᠤ ᠦᠭᠡᠢ ᠡᠬᠢᠯᠡᠬᠦ ᠪᠡᠷ ᠪᠤᠢ᠃ ᠡᠨᠡᠬᠦ ᠨᠠᠶᠢᠷ ᠢᠶᠡᠷ ᠤᠯᠠᠨ ᠲᠦᠷᠦᠯ ᠤᠨ ᠰᠤᠶᠤᠯ ᠪᠠᠶ᠎ᠠ ᠶᠢᠨ ᠲᠠᠮᠢᠷ ᠤᠨ ᠠᠵᠢᠯᠯᠠᠭ᠎ᠠ ᠵᠡᠷᠭᠡ ᠪᠡᠷ ᠶᠠᠪᠤᠭᠳᠠᠵᠤ ᠵᠢᠭᠤᠯᠴᠢᠳ ᠤᠨ ᠠᠩᠬᠠᠷᠤᠯ ᠢ ᠲᠠᠲᠠᠬᠤ ᠬᠢᠯᠡᠰ ᠴᠡᠭ᠌ ᠪᠤᠯᠤᠭᠰᠠᠨ ᠪᠠᠶᠢᠨ᠎ᠠ᠃

    ᠷᠠᠰᠢᠶᠠᠨ ᠦᠪᠦᠷ ᠮᠣᠩᠭᠣᠯ ᠤᠨ ᠵᠡᠭᠦᠨ ᠬᠡᠰᠡᠭ ᠢᠶᠡᠷ ᠪᠠᠶᠢᠷᠢᠯᠠᠵᠤ᠂ ᠪᠦᠬᠦᠯᠢ ᠨᠡᠷ᠎ᠠ ᠶᠢ ᠨᠢ ᠬᠠᠯᠠᠭᠤᠨ ᠷᠠᠰᠢᠶᠠᠨ ᠭᠡᠳᠡᠭ᠂ ᠲᠡᠯᠡᠬᠡᠢ ᠳᠡᠭᠡᠷᠡᠬᠢ ᠬᠠᠮᠤᠭ ᠤᠨ ᠳᠤᠮᠤ ᠬᠠᠯᠠᠭᠤᠨ ᠷᠠᠰᠢᠶᠠᠨ ᠤ ᠰᠦᠷᠦᠭ ᠪᠠᠶᠢᠵᠤ ᠬᠡᠲᠤᠨ ᠵᠠᠭᠤᠨ ᠵᠢᠯ ᠤᠷᠭᠢᠯᠤᠭᠰᠠᠭᠠᠷ᠃ ᠪᠤᠯᠠᠭ ᠤᠨ ᠨᠢᠳᠦᠨ ᠤ ᠲᠤᠭ᠎ᠠ᠂ ᠮᠢᠺᠷᠤ᠋ ᠡᠯᠸᠮᠸᠨ᠋ᠲ ᠤᠨ ᠠᠭᠤᠯᠤᠭᠳᠠᠴᠠ ᠵᠢᠴᠢ ᠤᠷᠬᠢᠯᠬᠤ ᠬᠡᠮᠵᠢᠶ᠎ᠠ ᠪᠡᠷ ᠢᠶᠡᠨ ᠴᠦᠮ ᠳᠡᠯᠡᠬᠡᠢ ᠶᠢᠨ ᠲᠡᠷᠢᠭᠦᠨ ᠳᠤ ᠪᠠᠶᠢᠷᠢᠯᠠᠳᠠᠭ᠃

    ᠮᠡᠳᠡᠭᠳᠡᠯ ᠳᠤ᠂ ᠲᠤᠰ ᠬᠤᠭᠤᠴᠠᠭᠠᠨ ᠤ ᠬᠠᠯᠠᠭᠤᠨ ᠷᠠᠰᠢᠶᠠᠨ ᠤ ᠨᠠᠶᠢᠷ 7 ᠰᠠᠷ᠎ᠠ ᠶᠢᠨ 4 ᠤ ᠡᠳᠦᠷ ᠡᠬᠢᠯᠠᠨ ᠶᠠᠪᠤᠭᠳᠠᠨ᠎ᠠ᠃ ᠨᠠᠶᠢᠷ ᠤᠨ ᠬᠤᠭᠤᠴᠠᠭᠠᠨ ᠳᠤ᠂ ᠡᠬᠢᠯᠡᠯᠲᠡ ᠶᠢᠨ ᠶᠤᠰᠤᠯᠠᠯ ᠡᠴᠡ ᠭᠠᠳᠠᠨ᠎ᠠ ᠨᠤᠲᠤᠭ ᠤᠰᠤᠨ ᠳᠤ ᠪᠡᠨ ᠪᠠᠶᠠᠷᠯᠠᠨ ᠲᠠᠯᠠᠷᠬᠠᠬᠤ ᠰᠡᠳᠭᠢᠯᠭᠡ ᠪᠡᠨ ᠢᠯᠡᠳᠭᠡᠬᠦ ᠤᠯᠠᠭᠠᠨᠲᠤᠶᠠᠭ᠎ᠠ ᠶᠢᠨ ᠲᠤᠰᠬᠠᠢ ᠲᠠᠭᠤᠯᠠᠯᠭ᠎ᠠ ᠶᠢᠨ ᠲᠤᠭᠯᠠᠯᠲᠠ ᠶᠠᠪᠤᠭᠳᠠᠵᠤ᠂ ᠡᠭᠦᠨ ᠤ ᠬᠠᠮᠲᠤ ᠪᠠᠰᠠ ᠳᠤᠮᠳᠠᠳᠤ ᠤᠯᠤᠰ ᠤᠨ ᠳᠤᠭᠤᠢ ᠲᠡᠷᠭᠡᠨ ᠤ ᠬᠠᠮᠲᠤᠷᠠᠭᠰᠠᠨ ᠲᠡᠮᠡᠴᠡᠭᠡᠨ ᠵᠤᠬᠢᠶᠠᠨ ᠪᠠᠶᠢᠭᠤᠯᠵᠤ ᠪᠦᠬᠦ ᠢᠷᠭᠡᠳ ᠢᠶᠡᠷ ᠢᠶᠡᠨ ᠴᠢᠬᠢᠷᠠᠭᠵᠢᠬᠤ ᠶᠢ ᠳᠠᠶᠢᠴᠢᠯᠠᠬᠤ ᠪᠡᠷ ᠪᠤᠢ᠃

    ᠷᠠᠰᠢᠶᠠᠨ ᠬᠤᠲᠠ ᠶᠢᠨ ᠵᠠᠰᠠᠭ ᠤᠨ ᠤᠷᠳᠤᠨ ᠤ ᠠᠯᠪᠠᠨ ᠡᠴᠡ ᠢᠯᠡᠷᠬᠡᠶᠢᠯᠡᠭᠰᠡᠨ ᠢᠶᠡᠷ᠂ ᠲᠤᠰ ᠤᠳᠠᠭᠠᠨ ᠤ ᠬᠠᠯᠠᠭᠤᠨ ᠷᠠᠰᠢᠶᠠᠨ ᠤ ᠨᠠᠶᠢᠷ ᠢ ᠲᠤᠬᠠᠢ ᠶᠢᠨ ᠪᠦᠰᠡ ᠨᠤᠲᠤᠭ ᠤᠨ ᠡᠯᠪᠠᠭ᠌ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠤ ᠰᠠᠭᠤᠷᠢᠯᠡᠨ ᠵᠤᠬᠢᠶᠠᠨ ᠪᠠᠶᠢᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠳᠡᠬᠢ ᠪᠢᠴᠢᠬᠠᠨ ᠬᠤᠲᠠ ᠶᠢᠨ ᠡᠷᠬᠢᠮ ᠨᠠᠨᠳᠢᠨ ᠵᠦᠢᠯ᠂ ᠦᠵᠡᠰᠭᠦᠯᠡᠩ ᠰᠠᠶᠢᠬᠠᠨ ᠢ ᠳᠡᠯᠡᠬᠡᠢ ᠶᠢᠨ ᠬᠦᠮᠦᠰ ᠲᠤ ᠭᠠᠶᠢᠬᠠᠭᠤᠯᠬᠤ ᠶᠢᠨ ᠳᠠᠭᠠᠤ ᠷᠠᠰᠢᠶᠠᠨ ᠬᠤᠲᠠ ᠶᠢᠨ ᠰᠡᠭᠦᠯ ᠤᠨ ᠵᠢᠯ ᠤᠳ ᠤᠨ ᠡᠳ᠋ ᠤᠨ ᠵᠠᠰᠠᠭ ᠨᠠᠶᠢᠭᠡᠮ ᠤᠨ ᠬᠦᠭ᠍ᠵᠢᠯᠲᠠ ᠳ᠋ᠤ ᠤᠯᠤᠭᠰᠠᠨ ᠯᠤᠲᠤ ᠶᠡᠬᠡ ᠠᠮᠵᠢᠯᠲᠠ ᠪᠤᠯᠤᠨ ᠡᠯ᠎ᠠ ᠦᠨᠳᠦᠰᠦᠲᠡᠨ ᠤ ᠬᠦᠮᠦᠨ ᠠᠷᠠᠳ ᠤᠨ ᠤᠶᠤᠨ ᠤ ᠳᠦᠷᠢ ᠲᠦᠷᠬᠦ ᠶᠢ ᠬᠠᠷᠠᠭᠤᠯᠬᠤ ᠪᠡᠷ ᠪᠤᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121227854