蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠴᠠᠭᠠᠨ ᠰᠤᠪᠤᠷᠭ᠎ᠠ ᠨᠢᠰᠬᠦ ᠤᠩᠭ᠋ᠤᠴᠠᠨ ᠤ ᠪᠠᠭᠤᠳᠠᠯ ᠵᠤᠨ ᠤ ᠲᠡᠭᠡᠭᠡᠪᠦᠷᠢ ᠶᠢᠨ ᠬᠤᠭᠤᠴᠠᠭᠠᠨ ᠳᠤ 125 ᠵᠤᠷᠪᠤᠰ ᠠᠭᠠᠷ ᠠᠶᠠᠯᠠᠯ ᠤᠨ ᠱᠤᠭᠤᠮ ᠨᠡᠪᠲᠡᠷᠡᠭᠦᠯᠦᠨ᠎ᠠ

2017-07-06 11:17

    7 ᠰᠠᠷ᠎ᠠ᠎ ᠶᠢᠨ 1 ᠤ ᠡᠳᠦᠷ ᠡᠴᠡ ᠵᠤᠨ ᠤ ᠲᠡᠭᠡᠭᠡᠪᠦᠷᠢ ᠶᠢᠨ ᠬᠤᠭᠤᠴᠠᠭ᠎ᠠ ᠡᠬᠢᠯᠡᠪᠠ᠃ ᠬᠦᠬᠡᠬᠤᠲᠠ ᠶᠢᠨ ᠴᠠᠭᠠᠨ ᠰᠤᠪᠤᠷᠭ᠎ᠠ ᠨᠢᠰᠬᠦ ᠤᠩᠭ᠋ᠤᠴᠠᠨ ᠤ ᠪᠠᠭᠤᠳᠠᠯ 125 ᠵᠤᠷᠪᠤᠰ ᠠᠭᠠᠷ ᠠᠶᠠᠯᠠᠯ ᠤᠨ ᠱᠤᠭᠤᠮ ᠨᠠᠪᠲᠠᠷᠠᠭᠦᠯᠵᠤ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 13 ᠵᠤᠷᠪᠤᠰ ᠨᠡᠮᠡᠭᠳᠡᠪᠡ᠃

    ᠵᠤᠨ ᠤ ᠲᠡᠭᠡᠭᠡᠪᠦᠷᠢ ᠶᠢᠨ ᠬᠤᠭᠤᠴᠠᠭᠠᠨ ᠳᠤ ᠬᠦᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ 75 ᠬᠤᠲᠠ ᠳᠤ ᠠᠶᠠᠯᠠᠯ ᠨᠡᠪᠲᠡᠷᠡᠵᠤ᠂ ᠦᠩᠭᠡᠷᠡᠭᠰᠡᠨ ᠤᠨ ᠤ ᠮᠦᠨ ᠦᠶ᠎ᠠ ᠡᠴᠡ 6 ᠨᠡᠮᠡᠭᠳᠡᠪᠡ᠃ ᠡᠭᠦᠨ ᠳᠤ᠂ ᠤᠯᠤᠰ ᠤᠨ ᠲᠤᠳᠤᠭᠠᠲᠤ ᠳᠤ 67 ᠬᠤᠲᠠ ᠳᠤ ᠬᠦᠷᠴᠤ᠂ 60 ᠬᠤᠲᠠ ᠳᠤ ᠰᠢᠭᠤᠳ ᠨᠢᠰᠦᠯᠭᠡ ᠲᠠᠢ᠂ ᠦᠩᠭᠡᠷᠡᠭᠰᠡᠨ ᠤᠨ ᠤ ᠮᠦᠨ ᠦᠶ᠎ᠠ ᠡᠴᠡ ᠲᠤᠰ ᠪᠦᠷᠢ 8 ᠪᠤᠯᠤᠨ 4  ᠨᠡᠮᠡᠭᠳᠡᠵᠠᠢ᠃ ᠰᠢᠨ᠎ᠠ ᠪᠡᠷ ᠨᠡᠮᠡᠭᠳᠡᠭᠰᠡᠨ ᠬᠦᠬᠡᠬᠤᠲᠠ ᠡᠴᠡ ᠸᠢᠶᠸᠲ᠋ᠨᠠᠮ ᠤᠨ ᠳ᠋ᠠ ᠨᠸᠩ ᠬᠦᠷᠬᠦ ᠠᠭᠠᠷ ᠠᠶᠠᠯᠠᠯ ᠤᠨ ᠱᠤᠭᠤᠮ ᠨᠢ ᠭᠠᠷᠠᠭ ᠲᠤ ᠨᠢᠭᠡ ᠨᠢᠰᠦᠯᠭᠡ ᠲᠠᠢ᠃ ᠰᠢᠨ᠎ᠠ ᠪᠡᠷ ᠨᠡᠮᠡᠭᠳᠡᠭᠰᠡᠨ ᠬᠦᠬᠡᠬᠤᠲᠠ ᠡᠴᠡ ᠸᠢᠶᠸᠲ᠋ᠨᠠᠮ ᠤᠨ ᠨᠢᠶᠠ ᠽᠠᠩ ᠬᠦᠷᠬᠦ ᠠᠭᠠᠷ ᠠᠶᠠᠯᠠᠯ ᠤᠨ ᠱᠤᠭᠤᠮ ᠮᠦᠨ ᠭᠠᠷᠠᠭ ᠲᠤ ᠨᠢᠭᠡ ᠨᠢᠰᠦᠯᠭᠡ ᠲᠠᠢ᠃ ᠬᠦᠬᠡᠬᠤᠲᠠ ᠡᠴᠡ ᠮᠣᠩᠭᠣᠯ ᠤᠯᠤᠰ ᠤᠨ ᠤᠯᠠᠭᠠᠨᠪᠠᠭᠠᠲᠤᠷ ᠬᠦᠷᠬᠦ ᠠᠭᠠᠷ ᠠᠶᠠᠯᠠᠯ ᠤᠨ ᠱᠤᠭᠤᠮ ᠨᠡᠮᠡᠭᠳᠡᠭᠡᠳ ᠭᠠᠷᠠᠭ ᠲᠤ 4 ᠤᠳᠠᠭᠠᠨ ᠤ ᠨᠢᠰᠦᠯᠭᠡ ᠲᠠᠢ ᠪᠤᠯᠵᠤ᠂ ᠬᠦᠬᠡᠬᠤᠲᠠ ᠡᠴᠡ ᠲᠠᠶᠢᠪᠸᠢ ᠬᠦᠷᠬᠦ ᠠᠭᠠᠷ ᠠᠶᠠᠯᠠᠯ ᠤᠨ ᠱᠤᠭᠤᠮ  ᠨᠡᠮᠡᠭᠳᠡᠭᠡᠳ ᠭᠠᠷᠠᠭ ᠲᠤ 5 ᠤᠳᠠᠭᠠᠨ ᠤ ᠨᠢᠰᠦᠯᠭᠡ ᠲᠠᠢ ᠪᠤᠯᠤᠭᠰᠠᠨ ᠪᠠᠶᠢᠨ᠎ᠠ᠃ ᠲᠠᠢ ᠤᠯᠤᠰ᠂ ᠶᠠᠫᠤᠨ ᠵᠡᠷᠭᠡ ᠤᠯᠤᠰ ᠲᠦ ᠬᠦᠷᠬᠦ ᠤᠯᠠᠨ ᠤᠯᠤᠰ ᠤᠨ ᠲᠤᠬᠳᠠᠮᠠᠯ ᠬᠤᠭᠤᠴᠠᠭ᠎ᠠ ᠲᠠᠢ ᠠᠭᠠᠷ ᠠᠶᠠᠯᠠᠯ ᠲᠤᠭᠲᠠᠭᠤᠨ ᠨᠢᠰᠦᠯᠭᠡ ᠪᠡᠨ ᠪᠠᠲᠤᠯᠠᠨ᠎ᠠ᠃ ᠤᠷᠤᠰ ᠤᠨ ᠮᠤᠰᠺᠸᠠ ᠪᠤᠶᠤ ᠰᠠᠨᠲ ᠫᠸᠲ᠋ᠸᠷᠪᠦ᠋ᠷᠩ ᠬᠦᠷᠬᠦ ᠠᠭᠠᠷ ᠠᠶᠠᠯᠠᠯ ᠤᠨ ᠱᠤᠭᠤᠮ ᠢ ᠶᠠᠭ ᠪᠡᠯᠡᠳᠭᠡᠨ ᠲᠦᠯᠦᠪᠯᠡᠵᠤ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121274502