蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ᠄ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠥᠯᠥᠭ ᠤᠨ ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠤᠷᠭᠠᠭᠤᠯᠢ ᠳᠤ ᠥᠨᠥᠳᠦᠷ ᠨᠸᠲ ᠢᠶᠡᠷ ᠡᠷᠡᠮᠡᠯᠵᠡᠯ ᠲᠠᠭᠯᠠᠨ᠎ᠠ

2017-07-06 16:36

    2017 ᠣᠨ ᠤ ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠥᠯᠥᠭ ᠤᠨ ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠤᠷᠢᠳᠴᠢᠯᠠᠨ ᠡᠯᠰᠡᠬᠦ ᠶᠡᠭᠡ ᠳᠡᠭᠡᠳᠦ ᠰᠤᠷᠭᠠᠭᠤᠯᠢ ᠵᠢᠴᠢ ᠲᠥᠯᠦᠪᠦᠷᠢ ᠦᠯᠦ ᠬᠤᠷᠢᠶᠠᠬᠤ ᠪᠠᠭᠰᠢ ᠶᠢᠨ ᠰᠤᠷᠭᠠᠭᠤᠯᠢ ᠶᠢᠨ ᠰᠤᠷᠤᠭᠴᠢ᠂ ᠲᠥᠯᠦᠪᠦᠷᠢ ᠦᠯᠦ ᠬᠤᠷᠢᠶᠠᠬᠤ ᠠᠨᠠᠭᠠᠬᠤ ᠤᠬᠠᠭᠠᠨ ᠤ ᠲᠣᠭᠲᠠᠭᠰᠠᠨ ᠬᠠᠨᠳᠤᠯᠭᠠᠲᠤ ᠰᠤᠷᠦᠬᠴᠢ᠂ ᠲᠥᠯᠥᠪᠯᠡᠭᠡᠨ ᠤ ᠲᠤᠭ᠎ᠠ ᠪᠠᠨ ᠨᠡᠶᠢᠲᠡᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ᠂ ᠴᠥᠬᠡᠨ ᠬᠡᠷᠡᠭᠯᠡᠭᠳᠡᠬᠦ ᠬᠡᠯᠡ ᠪᠣᠯᠣᠨ ᠳᠠᠯᠠᠶ ᠶᠢᠨ ᠠᠶᠠᠯᠠᠯ ᠤᠨ ᠲᠥᠷᠥᠯ ᠤᠨ ᠲᠤᠰᠬᠠᠶ ᠮᠡᠷᠭᠡᠵᠢᠯ ᠳᠤ 7 ᠰᠠᠷ᠎ᠠ ᠶᠢᠨ 6 ᠤ ᠡᠳᠦᠷ ᠠᠴᠠ ᠡᠬᠢᠯᠡᠨ ᠨᠸᠲ ᠢᠶᠡᠷ ᠡᠷᠡᠮᠡᠯᠵᠡᠯ ᠲᠠᠭᠯᠠᠨ᠎ᠠ᠃

    ᠨᠸᠲ ᠢᠶᠡᠷ ᠡᠷᠡᠮᠡᠯᠵᠡᠯ ᠲᠠᠭᠯᠠᠬᠤ ᠪᠣᠳᠠᠲᠠᠶ ᠴᠠᠭ᠄ 8᠄00 ᠴᠠᠭ ᠠᠴᠠ ᠨᠸᠲ ᠢᠶᠡᠷ ᠡᠷᠡᠮᠡᠯᠵᠡᠯ ᠲᠠᠭᠯᠠᠨ᠎ᠠ︔ 9᠄ 00 ᠴᠠᠭ ᠲᠤ ᠨᠸᠲ ᠢᠶᠡᠷ ᠡᠷᠡᠮᠡᠯᠵᠡᠯ ᠲᠠᠭᠯᠠᠭᠰᠠᠨ ᠪᠦᠷᠢᠳᠬᠡᠯ ᠤᠨ ᠮᠡᠳᠡᠭᠡ ᠵᠠᠩᠭᠢ ᠶᠢ ᠠᠩᠬ᠎ᠠ ᠤᠳᠠᠭ᠎ᠠ ᠨᠡᠶᠢᠲᠡᠯᠡᠵᠦ᠂ ᠰᠡᠭᠦᠯᠡᠷ ᠨᠢ ᠴᠠᠭ ᠪᠦᠷᠢ ᠨᠢᠭᠡ ᠤᠳᠠᠭ᠎ᠠ ᠨᠡᠶᠢᠲᠡᠯᠡᠨ᠎ᠡ︔ 10:30 ᠴᠠᠭ ᠪᠣᠯᠪᠠᠯ᠂ ᠡᠷᠡᠮᠡᠯᠵᠡᠯ ᠢᠶᠠᠨ ᠨᠢᠭᠡᠨᠲᠡ ᠲᠠᠭᠯᠠᠭᠰᠠᠨ ᠰᠢᠯᠭᠠᠭᠤᠯᠤᠭᠴᠢ ᠡᠷᠡᠮᠡᠯᠵᠡᠯ ᠢᠶᠠᠨ ᠬᠠᠰᠤᠵᠤ ᠪᠣᠯᠬᠤ ᠦᠭᠡᠢ᠂ ᠵᠥᠪᠬᠡᠨ ᠵᠠᠰᠠᠪᠤᠷᠢ ᠣᠷᠤᠭᠤᠯᠵᠤ ᠪᠣᠯᠣᠨ᠎ᠠ︔ 11:00 ᠴᠠᠭ ᠡᠴᠡ ᠬᠤᠶᠢᠰᠢ ᠡᠷᠡᠮᠡᠯᠵᠡᠯ ᠢᠶᠠᠨ ᠲᠠᠭᠯᠠᠭᠠᠳᠤᠢ ᠰᠢᠯᠭᠠᠭᠤᠯᠤᠭᠴᠢ ᠡᠷᠡᠮᠡᠯᠵᠡᠯ ᠢᠶᠠᠨ ᠲᠠᠭᠯᠠᠬᠤ ᠶᠢ  ᠬᠦᠯᠢᠶᠡᠬᠦ ᠦᠭᠡᠢ ᠪᠦᠭᠡᠳ ᠡᠷᠡᠮᠡᠯᠵᠡᠯ ᠢᠶᠠᠨ ᠲᠠᠭᠯᠠᠭᠰᠠᠨ ᠰᠢᠯᠭᠠᠭᠤᠯᠤᠭᠴᠢ ᠯᠡ ᠡᠷᠡᠮᠡᠯᠵᠡᠯ ᠳᠡᠭᠡᠨ ᠵᠠᠰᠠᠪᠤᠷᠢ ᠣᠷᠣᠭᠤᠯᠵᠦ ᠪᠣᠯᠣᠨ᠎ᠠ᠃

    ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠥᠷᠭᠡᠨ ᠤᠯᠠᠨ ᠰᠢᠯᠭᠠᠭᠤᠯᠤᠭᠴᠢ ᠳᠤ ᠰᠠᠨᠠᠭᠤᠯᠬᠤ ᠨᠢ᠄ ᠴᠠᠭ  ᠢ ᠠᠮᠵᠢᠨ 《 ᠰᠢᠯᠭᠠᠭᠤᠯᠤᠭᠴᠢ ᠳᠤ ᠦᠢᠯᠡᠴᠢᠯᠡᠬᠦ ᠵᠢᠴᠢ ᠨᠸᠲ ᠢᠶᠡᠷ ᠡᠷᠡᠮᠡᠯᠵᠡᠯ ᠲᠠᠭᠯᠠᠬᠤ ᠲᠠᠪᠴᠠᠩ》 ᠳᠤ ᠭᠠᠷᠤᠭᠠᠷᠠᠢ᠂ ᠨᠠᠷᠢᠨ ᠪᠠᠶᠢᠳᠠᠯ ᠢ 《ᠥᠪᠥᠷ ᠮᠣᠩᠭ᠋ᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠨᠸᠲ 》 ᠤᠨ (ᠨᠸᠲ ᠤᠨ ᠬᠠᠶ᠊ᠢᠭ᠄ http᠄//www.nm.zsks.cn)᠂ 《 2017 ᠣᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠰᠢᠯᠭᠠᠭᠤᠯᠬᠤ ᠡᠷᠡᠮᠡᠯᠵᠡᠯ ᠢᠶᠠᠨ ᠲᠠᠭᠯᠠᠬᠤ ᠲᠤᠰᠬᠠᠶ ᠪᠤᠯᠤᠩ》᠂ 《 2017 ᠣᠨ ᠤ ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠸᠲ ᠳᠡᠭᠡᠷ᠎ᠡ ᠡᠷᠡᠮᠡᠯᠵᠡᠯ ᠲᠠᠭᠯᠠᠬᠤ ᠠᠯᠪᠠᠨ ᠵᠠᠷ (3 ᠳ᠋ᠤᠭᠠᠷ ᠲᠣᠭᠠᠲᠤ) ᠤᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠠᠳᠤᠭᠠᠷ ᠤᠳᠠᠭ᠎ᠠ》 ᠠᠴᠠ ᠯᠠᠪᠯᠠᠭᠠᠷᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121276253