蒙古文网站Logo
ᠰᠢᠨᠬᠤᠸᠠ ᠮᠤᠩᠭ᠋ᠤᠯ ᠨᠧᠲ

ᠦᠨᠦ ᠵᠢᠯ ᠡᠴᠡ ᠡᠬᠢᠯᠡᠨ ᠦᠪᠦᠷ ᠮᠣᠩᠭᠣᠯ ᠴᠡᠷᠢᠭ ᠡᠴᠡ ᠰᠢᠯᠵᠢᠭᠰᠡᠨ ᠺᠠᠳ᠋ᠷᠴᠤᠳ ᠢ ᠶᠡᠬᠡ ᠲᠡᠭᠡᠲᠤ ᠰᠤᠷᠭᠠᠭᠤᠯᠢ ᠳᠤ ᠤᠴᠢᠭᠤᠯᠵᠦ ᠳᠠᠰᠬᠠᠯᠵᠢᠭᠤᠯᠤᠯ ᠬᠢᠯᠬᠡᠬᠦ ᠬᠠᠷᠢᠴᠠᠯ ᠢ ᠵᠢᠯ ᠳᠠᠷᠠᠭᠠᠯᠠᠨ ᠨᠡᠮᠡᠭᠳᠡᠭᠦᠯᠦᠨ᠎ᠠ

2017-07-07 11:16

    ᠲᠦᠷᠦᠭᠦᠬᠡᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠴᠡ《ᠴᠡᠷᠢᠭ ᠡᠴᠡ ᠰᠢᠯᠵᠢᠭᠰᠡᠨ ᠺᠠᠳ᠋ᠷᠴᠤᠳ ᠢ ᠶᠡᠬᠡ ᠲᠡᠭᠡᠲᠤ ᠰᠤᠷᠭᠠᠭᠤᠯᠢ ᠳᠤ ᠤᠴᠢᠭᠤᠯᠵᠦ ᠲᠤᠰᠬᠠᠢ ᠳᠠᠰᠬᠠᠯᠵᠢᠭᠤᠯᠤᠯ ᠬᠢᠬᠦ ᠶᠢ ᠰᠦᠪᠡᠭ᠍ᠴᠢᠯᠠᠨ ᠦᠷᠨᠢᠬᠦᠯᠬᠦ ᠶᠢ ᠬᠡᠷᠡᠭᠵᠢᠬᠦᠯᠬᠦ ᠲᠤᠬᠠᠢ ᠰᠠᠨᠠᠯ 》 ᠢ᠋ ᠨᠡᠶᠢᠲᠡᠯᠡᠪᠡ᠃ 《 ᠰᠠᠨᠠᠯ》 ᠳᠤ ᠲᠤᠳᠤᠷᠬᠠᠶᠢᠯᠠᠭᠰᠠᠨ ᠢᠶᠡᠷ᠂ ᠦᠪᠦᠷ ᠮᠣᠩᠭᠣᠯ ᠡᠴᠡ ᠴᠡᠷᠢᠭ ᠡᠴᠡ ᠰᠢᠯᠵᠢᠭᠰᠡᠨ ᠺᠠᠳ᠋ᠷᠴᠤᠳ ᠢ ᠶᠡᠬᠡ ᠲᠡᠭᠡᠲᠤ ᠰᠤᠷᠭᠠᠭᠤᠯᠢ ᠳᠤ ᠤᠴᠢᠭᠤᠯᠵᠦ ᠲᠤᠰᠬᠠᠢ ᠳᠠᠰᠬᠠᠵᠢᠭᠤᠯᠤᠯ ᠬᠢᠯᠭᠡᠬᠦ ᠠᠵᠢᠯ  ᠢ ᠲᠦᠯᠦᠪᠯᠡᠭᠡᠲᠠᠢ ᠬᠤᠪᠢᠶᠠᠷᠢᠯᠠᠵᠤ ᠰᠦᠪᠡᠭ᠍ᠴᠢᠯᠡᠨ ᠶᠠᠪᠤᠭᠳᠠᠭᠤᠯᠤᠨ᠎ᠠ᠂ ᠡᠨᠡ ᠵᠢᠯ ᠡᠴᠡ ᠤᠷᠤᠨ ᠲᠠᠶᠠᠭᠠᠷ ᠠᠵᠢᠯ ᠤᠨ ᠲᠤᠭᠲᠠᠯᠴᠠᠭ᠎ᠠ ᠪᠠᠶᠢᠭᠤᠯᠤᠨ᠂ ᠲᠠᠰᠬᠠᠯᠵᠢᠭᠤᠯᠤᠯ ᠬᠢᠬᠦ ᠶᠡᠬᠡ ᠳᠡᠭᠡᠲᠤ ᠰᠤᠷᠭᠠᠭᠤᠯᠢ ᠶᠢ ᠰᠤᠩᠭ᠋ᠤᠨ ᠲᠤᠭᠲᠠᠭᠠᠨ᠎ᠠ᠃ ᠡᠯ᠎ᠠ ᠠᠶᠢᠮᠠᠭ ᠬᠤᠲᠠ ᠡᠴᠡ ᠰᠤᠩᠭ᠋ᠤᠨ ᠲᠤᠮᠢᠯᠠᠭᠰᠠᠨ ᠴᠡᠷᠢᠭ ᠡᠴᠡ ᠰᠢᠯᠵᠢᠭᠰᠡᠨ ᠺᠠᠳ᠋ᠷᠴᠤᠳ ᠤᠨ ᠳᠠᠰᠬᠠᠯᠵᠢᠭᠤᠯᠤᠯ ᠳᠤ ᠤᠷᠤᠯᠴᠠᠬᠤ ᠬᠦᠮᠦᠨ ᠤ ᠲᠤᠭ᠎ᠠ ᠲᠤᠰ ᠵᠢᠯ ᠤᠨ ᠳᠠᠰᠬᠠᠯᠵᠢᠭᠤᠯᠤᠯ ᠬᠦᠷᠲᠡᠬᠦ ᠬᠦᠮᠦᠨ ᠤ ᠲᠤᠭᠠᠨ ᠤ 30% ᠡᠴᠡ ᠳᠤᠷᠤᠭᠰᠢ ᠪᠠᠶᠢᠵᠤ ᠪᠤᠯᠬᠤ ᠦᠭᠡᠢ᠃ ᠲᠠᠷᠠᠭᠠᠴᠢ ᠪᠡᠷ ᠵᠢᠯ ᠳᠠᠷᠠᠭᠠᠯᠠᠨ ᠳᠠᠰᠬᠠᠯᠵᠢᠭᠤᠯᠤᠯ ᠳᠤ ᠤᠷᠤᠯᠴᠠᠬᠤ ᠬᠦᠮᠦᠨ ᠤ ᠲᠤᠭ᠎ᠠ ᠶᠢᠨ ᠬᠠᠷᠢᠴᠠᠯ ᠢ ᠨᠡᠮᠡᠭᠳᠡᠭᠦᠯᠦᠨ᠎ᠠ᠃ 2020 ᠤᠨ ᠪᠤᠯᠲᠠᠯ᠎ᠠ᠂ ᠤᠷᠤᠨ ᠳᠠᠶᠠᠭᠠᠷ ᠤᠨ ᠨᠦᠬᠦᠴᠡᠯ ᠳᠤ ᠨᠡᠶᠢᠴᠡᠬᠦ ᠴᠡᠷᠢᠭ ᠡᠴᠡ ᠰᠢᠨᠵᠢᠭᠰᠡᠨ ᠺᠠᠲᠷᠴᠤᠳ ᠴᠦᠮ᠎ ᠶᠡᠬᠡ ᠲᠡᠭᠡᠲᠤ ᠰᠤᠷᠭᠠᠭᠤᠯᠢ ᠶᠢᠨ ᠲᠠᠰᠬᠠᠯᠵᠢᠭᠤᠯᠤᠯ ᠳᠤ ᠤᠷᠤᠯᠴᠠᠬᠤ ᠬᠡᠷᠡᠭᠲᠠᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121281032