蒙古文网站Logo
ᠰᠢᠨᠬᠤᠸᠠ ᠮᠤᠩᠭ᠋ᠤᠯ ᠨᠧᠲ

ᠰᠠᠭᠤᠷᠢ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠵᠠᠷᠢᠮ ᠳᠦᠯᠦᠪᠦᠷᠢ ᠶᠢ ᠬᠠᠰᠤᠨ᠎ᠠ

2017-07-11 10:12

    ᠰᠢᠨᠬᠤᠧᠠ ᠬᠤᠷᠢᠶ᠎ᠠ   ᠪᠡᠭᠡᠵᠢᠩ ᠤᠨ 7 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠠᠨ ᠪᠧᠢ) ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠨᠢ ᠪᠤᠳᠠᠳᠤ ᠴᠤᠭᠴᠠ ᠶᠢᠨ ᠡᠳ᠋ ᠤᠨ ᠵᠠᠰᠠᠭ ᠤᠨ ᠬᠦᠭᠵᠢᠯᠳᠡ ᠶᠢ ᠳᠡᠮᠵᠢᠬᠦ ᠡᠬᠦᠳᠡᠨ ᠡᠴᠡ 2017 ᠤᠨ ᠤ 8 ᠰᠠᠷ᠎ᠠ ᠶᠢᠨ 1 ᠡᠴᠡ ᠡᠬᠢᠯᠡᠨ ᠬᠤᠳᠠᠯᠳᠤᠭᠠᠨ ᠤ ᠪᠠᠩᠬᠢ ᠶᠢᠨ ᠰᠠᠭᠤᠷᠢ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠵᠠᠷᠢᠮ ᠳᠦᠯᠦᠪᠦᠷᠢ ᠶᠢ ᠬᠠᠰᠤᠬᠤ ᠪᠤᠶᠤ ᠳᠦᠷ ᠵᠤᠭᠰᠤᠭᠠᠨ᠎ᠠ ᠬᠡᠵᠡᠢ᠃

    ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠬᠢᠨᠠᠨ ᠬᠠᠮᠢᠶᠠᠷᠤᠯᠳᠠ ᠶᠢᠨ ᠵᠦᠪᠯᠡᠯ ᠤᠨ ᠬᠢᠨ ᠤᠶᠢᠷ᠎ᠠ ᠶᠢᠨ ᠡᠳᠦᠷ ᠮᠡᠳᠡᠭᠳᠡᠯ ᠨᠡᠶᠢᠳᠡᠯᠡᠵᠤ᠂ ᠬᠤᠪᠢ ᠬᠦᠮᠦᠨ ᠤ ᠤᠷᠤᠨ ᠨᠤᠳᠤᠭ ᠠᠯᠤᠰᠯᠠᠨ ᠳᠤᠬᠠᠢ ᠶᠢᠨ ᠪᠠᠩᠬᠢ ᠡᠴᠡ ᠪᠡᠨ ᠮᠦᠩᠬᠦ ᠭᠠᠷᠭᠠᠵᠤ ᠠᠪᠬᠤ ᠳᠤ ᠬᠡᠷᠡᠭᠰᠡᠬᠦ ᠦᠢᠯᠡᠴᠢᠯᠡᠬᠡᠨ ᠤ ᠳᠦᠯᠦᠪᠦᠷᠢ ᠶᠢ ᠬᠠᠰᠤᠵᠤ᠂ ᠪᠠᠳᠤᠯᠠᠭᠠᠨ ᠤ ᠪᠠᠷᠢᠮᠳᠠ ᠪᠤᠯᠤᠨ ᠮᠦᠩᠬᠦᠨ ᠤ ᠭᠤᠪᠢᠭᠤᠯᠤᠯᠭ᠎ᠠ ᠶᠢᠨ ᠳᠦᠯᠦᠪᠦᠷᠢ᠂ ᠺᠠᠷᠲ ᠠᠯᠳᠠᠭᠰᠠᠨ ᠢᠶᠡᠨ ᠳᠠᠩᠰᠠᠯᠠᠭᠤᠯᠬᠤ᠂ ᠦᠢᠯᠡᠳᠬᠦ ᠵᠠᠷᠤᠳᠠᠯ ᠵᠡᠷᠬᠡ ᠶᠢ ᠳᠦᠷ ᠵᠤᠭᠰᠤᠭᠠᠨ᠎ᠠ; ᠡᠯ᠎ᠡ ᠬᠤᠳᠠᠯᠳᠤᠭᠠᠨ ᠤ ᠪᠠᠩᠬᠢ ᠨᠢ ᠰᠠᠨᠠᠭᠠᠴᠢᠯᠠᠭ᠎ᠠ ᠲᠠᠢ ᠪᠡᠷ ᠳᠤᠰ ᠪᠠᠩᠬᠢ ᠳᠤ ᠨᠢ ᠪᠦᠷᠢᠳᠬᠡᠬᠦᠯᠦᠭᠰᠡᠨ ᠴᠤᠷ ᠤᠨ ᠭᠠᠭᠴᠠ ᠳᠠᠩᠰᠠᠨ ᠤ ᠬᠠᠮᠢᠶᠠᠷᠤᠯᠳᠠ ᠶᠢᠨ ᠳᠦᠯᠦᠪᠦᠷᠢ ᠬᠢᠬᠡᠳ ᠵᠢᠯ ᠤᠨ ᠳᠦᠯᠦᠪᠦᠷᠢ ᠶᠢ ᠬᠠᠰᠤᠬᠤ ᠬᠡᠷᠡᠭᠳᠡᠢ ᠬᠡᠵᠡᠢ᠃ ᠬᠠᠮᠢᠶᠠᠳᠠᠢ ᠠᠷᠭ᠎ᠠ ᠠᠪᠴᠠᠯ ᠡᠬᠢᠯᠡᠵᠤ ᠬᠡᠷᠡᠭᠵᠢᠬᠦᠯᠦᠭᠳᠡᠭᠰᠡᠨ ᠤ ᠳᠠᠷᠠᠭ᠎ᠠ᠂ ᠪᠠᠷᠤᠭᠴᠠᠭᠠᠯᠠᠵᠤ ᠪᠠᠶᠢᠭ᠎ᠠ ᠪᠡᠷ ᠪᠦᠬᠦ ᠬᠡᠷᠡᠭᠯᠡᠭᠴᠢ ᠶᠢᠨ ᠳᠦᠯᠦᠪᠦᠷᠢ ᠶᠢ ᠵᠢᠯ ᠳᠤ 61.05 ᠳ᠋ᠦᠩᠰᠢᠭᠤᠷ ᠳᠦᠬᠦᠷᠢᠭ ᠬᠡᠮᠨᠡᠬᠦ ᠶᠤᠮ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121298919