蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠪᠠᠷᠠᠭᠤᠨ ᠤᠷᠤᠨ ᠤ ᠬᠡᠰᠡᠭ ᠪᠦᠰᠡ ᠤᠨ ᠬᠠᠮᠤᠭ ᠤᠨ ᠦᠨᠳᠦᠷ ᠠᠭᠠᠷ ᠤᠨ ᠳᠤᠯᠠᠭᠠᠨ 40 ᠭᠷᠠᠳ᠋ᠦ᠋ᠰ ᠲᠤ ᠬᠦᠷᠦᠨ᠎ᠠ

2017-07-11 11:46

    ᠰᠢᠨᠬᠤᠸᠠ ᠬᠤᠷᠢᠶ᠎᠎ᠠ   ᠬᠦᠬᠡᠬᠤᠲᠠ ᠶᠢᠨ 7 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠬᠠᠯᠢᠨ᠎ᠠ) ᠰᠤᠷᠪᠤᠯᠵᠢᠯᠠᠭᠴᠢ 10 ᠤ ᠡᠳᠦᠷ ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠪᠠᠷᠠᠭᠤᠨ ᠬᠡᠰᠡᠭ ᠢᠶᠡᠷ ᠦᠨᠳᠦᠷ ᠳᠤᠯᠠᠭᠠᠨ ᠴᠠᠭ ᠠᠭᠠᠷ ᠢᠯᠡᠷᠡᠵᠤ᠂ ᠠᠯᠠᠱᠠ ᠠᠶᠢᠮᠠᠭ᠂ ᠪᠠᠶᠠᠨᠨᠠᠭᠤᠷ ᠬᠤᠲᠠ᠂ ᠦᠬᠠᠢ ᠬᠤᠲᠠ᠂ ᠤᠷᠳᠤᠰ ᠬᠤᠲᠠ᠂ ᠪᠤᠭᠤᠲᠤ ᠬᠤᠲᠠ ᠶᠢᠨ ᠬᠠᠮᠤᠭ ᠤᠨ ᠦᠨᠳᠦᠷ ᠠᠭᠠᠷ ᠤᠨ ᠳᠤᠯᠠᠭᠠᠨ ᠴᠦᠮ᠎ 35 ᠭᠷᠠᠳ᠋ᠦ᠋ᠰ ᠡᠴᠡ ᠲᠠᠪᠠᠵᠦ᠂ ᠠᠯᠠᠱᠠ ᠠᠶᠢᠮᠠᠭ᠂ ᠦᠬᠠᠢ ᠬᠤᠲᠠ ᠶᠢᠨ ᠬᠡᠰᠡᠭ ᠪᠦᠰᠡ ᠨᠤᠲᠤᠭ ᠤᠨ ᠬᠠᠮᠤᠭ ᠤᠨ ᠦᠨᠳᠦᠷ ᠠᠭᠠᠷ ᠤᠨ ᠳᠤᠯᠠᠭᠠᠨ 40 ᠭᠷᠠᠳ᠋ᠦ᠋ᠰ ᠲᠤ ᠬᠦᠷᠦᠨ᠎ᠠ᠃ ᠡᠨᠡ ᠬᠤᠶᠠᠷ ᠪᠦᠰᠡ ᠨᠤᠲᠤᠭ ᠲᠤᠰ ᠪᠦᠷᠢ ᠦᠨᠳᠦᠷ ᠬᠠᠯᠠᠭᠤᠨ ᠤ ᠤᠯᠠᠪᠤᠷ ᠦᠩᠭᠡ ᠶᠢᠨ ᠰᠡᠷᠡᠮᠵᠢ ᠶᠢᠨ ᠲᠤᠬᠢᠶ᠎ᠠ ᠪᠤᠯᠤᠨ ᠰᠢᠷ᠎ᠠ ᠦᠩᠭᠡ ᠶᠢᠨ ᠰᠡᠷᠡᠮᠵᠢ ᠶᠢᠨ ᠲᠤᠬᠢᠶ᠎ᠠ ᠶᠢ ᠨᠡᠶᠢᠲᠡᠯᠡᠪᠡ᠃ ᠲᠤᠰᠬᠠᠢ ᠮᠡᠷᠭᠡᠵᠢᠯᠲᠡᠨ ᠡᠴᠡ ᠠᠭᠠᠷ ᠤᠨ ᠳᠤᠯᠠᠭᠠᠨ ᠦᠨᠳᠦᠷ᠂ ᠨᠡᠷᠡᠨ ᠤ ᠭᠡᠷᠡᠯ ᠬᠤᠷᠴᠠ᠂ ᠦᠳᠡ ᠡᠴᠡ ᠡᠮᠦᠨᠡᠬᠢ ᠬᠤᠶᠢᠨᠠᠬᠢ ᠬᠡᠲᠤ ᠬᠦᠷᠡᠩ ᠰᠠᠴᠤᠷᠠᠭ 4 ᠳᠡᠰ ᠲᠤ ᠬᠦᠷᠴᠤ᠂ ᠤᠷᠢᠳᠴᠢᠯᠠᠨ ᠰᠡᠷᠭᠡᠶᠢᠯᠡᠬᠦ ᠠᠵᠢᠯᠯᠠᠭ᠎ᠠ ᠪᠡᠨ ᠰᠠᠶᠢᠲᠤᠷ ᠬᠢᠬᠦ ᠬᠡᠷᠡᠭᠲᠠᠢ ᠭᠡᠵᠤ ᠰᠠᠨᠠᠭᠤᠯᠵᠤ ᠪᠤᠢ᠃

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠶᠢᠨ ᠦᠢᠯᠡᠴᠢᠯᠡᠭᠡᠨ ᠤ ᠲᠦᠪ ᠤᠨ ᠠᠬᠠᠯᠠᠬᠤ ᠢᠨᠵᠸᠨ᠋ᠸᠷ ᠸᠠᠩ ᠮᠢᠨ ᡁᠢ ᠶᠢᠨ ᠲᠠᠨᠢᠯᠴᠠᠭᠤᠯᠤᠭᠰᠠᠨ ᠢᠶᠡᠷ᠂ ᠴᠠᠭ ᠠᠭᠠᠷ ᠠᠭᠠᠭᠢᠮ᠎ᠠ ᠬᠠᠯᠠᠭᠤᠨ ᠪᠠᠶᠢᠬᠤ ᠪᠤᠯᠤᠨ ᠬᠡᠲᠤ ᠬᠦᠷᠡᠩ ᠰᠠᠴᠤᠷᠠᠭ ᠴᠢᠩᠭ᠋᠎ᠠ ᠪᠠᠶᠢᠬᠤ ᠨᠢ ᠬᠤᠶᠠᠷ ᠠᠰᠲᠠᠭᠠᠨ ᠤᠴᠢᠷ᠃ ᠲᠤᠩᠭ᠋ᠠᠯᠠᠭ ᠰᠠᠶᠢᠬᠠᠨ ᠡᠳᠦᠷ ᠬᠡᠲᠤ ᠬᠦᠷᠡᠩ ᠰᠠᠴᠤᠷᠠᠭ ᠶᠡᠷᠦ ᠨᠢ ᠴᠢᠩᠭ᠋᠎ᠠ ᠪᠠᠶᠢᠳᠠᠭ᠃ ᠴᠠᠭ ᠠᠭᠠᠷ ᠬᠠᠯᠠᠭᠤᠨ ᠪᠠᠶᠢᠬᠤ ᠦᠶᠡᠰ ᠬᠡᠲᠤ ᠤᠯᠠᠭᠠᠨ ᠰᠠᠴᠤᠷᠠᠭ ᠴᠢᠩᠭ᠋᠎ᠠ ᠪᠠᠶᠢᠵᠤ᠂ ᠬᠡᠲᠤ ᠤᠯᠠᠭᠠᠨ ᠰᠠᠴᠤᠷᠠᠭ ᠤᠨ ᠲᠤᠯᠭᠢᠶ᠎ᠠ ᠨᠢ ᠤᠷᠳᠤ᠂ ᠰᠠᠭᠠᠳ ᠲᠠᠢ ᠪᠤᠳᠠᠰ ᠢ ᠲᠤᠭᠤᠷᠢᠨ ᠭᠠᠷᠬᠤ ᠴᠢᠳᠠᠪᠤᠷᠢ ᠰᠠᠶᠢᠨ᠃ ᠪᠦᠷᠬᠦᠭ᠌ ᠡᠳᠦᠷ ᠴᠤ ᠭᠡᠰᠡᠨ ᠬᠠᠯᠠᠭᠤᠨ ᠪᠠᠶᠢᠳᠠᠭ᠂ ᠤᠨᠴᠠᠭᠠᠶᠢᠯᠠᠨ ᠵᠤᠨ ᠤ ᠤᠯᠠᠷᠢᠯ ᠳᠤ ᠲᠤᠩ ᠢᠯᠡᠷᠬᠡᠢ᠃ ᠬᠡᠲᠤ ᠬᠦᠷᠡᠩ ᠰᠠᠴᠤᠷᠠᠭ ᠤᠨ ᠬᠦᠴᠦᠳᠡᠯ ᠢ 5 ᠳᠡᠰ ᠲᠤ ᠬᠤᠪᠢᠶᠠᠳᠠᠭ᠃ 1ᠳᠡᠰ ᠨᠢ ᠬᠠᠮᠤᠭ ᠤᠨ ᠰᠤᠯᠠ᠂ ᠪᠤᠷᠤᠭᠠᠨ ᠲᠠᠢ ᠦᠶᠡᠰ ᠭᠤᠤᠯᠳᠠᠭᠤ ᠡᠢᠢᠮᠦ ᠲᠡᠰ ᠲᠦ ᠪᠠᠢᠢᠳᠠᠬ᠃ 5 ᠳᠡᠰ ᠨᠢ ᠬᠠᠮᠤᠭ ᠤᠨ ᠴᠢᠩᠭ᠋᠎ᠠ᠂ ᠡᠨᠡ ᠦᠶᠡᠰ ᠭᠤᠤᠯᠳᠠᠭᠤ ᠴᠠᠭ ᠠᠭᠠᠷ ᠲᠤᠩᠭ᠋ᠠᠯᠠᠭ ᠰᠠᠶᠢᠬᠠᠨ ᠪᠠᠶᠢᠳᠠᠭ᠃ 10᠄ 00 – 14᠄ 00 ᠴᠠᠭ ᠤᠨ ᠬᠤᠭᠤᠷᠤᠨᠲᠤ ᠬᠡᠲᠤ ᠬᠦᠷᠡᠩ ᠰᠠᠴᠤᠷᠠᠭ ᠬᠠᠮᠤᠭ ᠤᠨ ᠴᠢᠩᠭ᠋᠎ᠠ᠂ ᠬᠡᠲᠤ ᠬᠦᠷᠡᠩ ᠰᠠᠴᠤᠷᠠᠭ ᠤᠨ ᠵᠢᠭᠠᠯᠲᠠ ᠲᠤᠭ᠎ᠠ ᠬᠡᠲᠤ ᠦᠨᠳᠦᠷ ᠪᠤᠯ ᠤᠬᠤᠷᠬᠠᠨ ᠬᠤᠭᠤᠴᠠᠭᠠᠨ ᠳᠤ ᠠᠷᠠᠰᠤᠨ ᠳᠤ ᠬᠡᠮᠳᠡᠯ ᠦᠵᠡᠭᠦᠯᠬᠦ ᠴᠢᠨᠠᠷ ᠨᠢ ᠬᠡᠲᠤ ᠶᠡᠬᠡ᠃ ᠡᠶᠢᠮᠤ ᠡᠴᠡ ᠬᠡᠲᠤ ᠬᠦᠷᠡᠩ ᠰᠠᠴᠤᠷᠠᠭ ᠤᠨ ᠳᠡᠰ ᠨᠢ 3ᠳᠡᠰ ᠪᠤᠶᠤ ᠡᠭᠦᠨ ᠡᠴᠡ ᠳᠡᠭᠡᠭ᠍ᠰᠢ ᠪᠤᠯᠤᠭᠰᠠᠭᠠᠷ ᠰᠢᠷᠠᠭᠳᠠᠬᠤ ᠡᠴᠡ ᠰᠡᠷᠭᠡᠶᠢᠯᠡᠬᠦ ᠵᠤᠬᠢᠬᠤ ᠠᠵᠢᠯᠯᠠᠭ᠎ᠠ ᠠᠪᠬᠤ ᠴᠢᠬᠤᠯᠠᠲᠠᠢ᠃

ᠢᠷᠡᠯᠳᠡ᠄ ᠰᠢᠨᠬᠤᠸᠠ ᠬᠤᠷᠢᠶ᠎᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121299792