蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠵᠢᠩᠬᠢᠨᠢ ᠠᠩᠭᠢ ᠶᠢᠨ ᠡᠩ ᠤᠨ ᠲᠥᠷᠥᠯ ᠤᠨ ᠨᠢᠭᠡᠳᠦᠭᠡᠷ ᠪᠦᠯᠦᠭ 7 ᠰᠠᠷ᠎ᠠ ᠶᠢᠨ 13 ᠤ ᠡᠳᠦᠷ ᠨᠸᠲ ᠢᠶᠡᠷ ᠡᠷᠡᠮᠡᠯᠵᠡᠯ ᠲᠠᠭᠯᠠᠨ᠎ᠠ

2017-07-13 17:31

    2017 ᠣᠨ ᠤ ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭ᠋ᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭ᠋ᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠨᠢᠭᠡᠳᠦᠭᠡᠷ ᠪᠦᠯᠦᠭ 7 ᠰᠠᠷ᠎ᠠ ᠶᠢᠨ 13 ᠤ ᠡᠳᠦᠷ ᠨᠸᠲ ᠢᠶᠡᠷ ᠡᠷᠡᠮᠡᠯᠵᠡᠯ ᠲᠠᠭᠯᠠᠨ᠎ᠠ᠃ ᠦᠪᠦᠷ ᠮᠣᠩᠭᠣᠯ ᠤᠨ ᠰᠣᠷᠣᠭᠴᠢ ᠡᠯᠰᠡᠬᠦ ᠪᠦᠯᠦᠭ ᠤᠳᠠᠭ᠎ᠠ ᠶᠢᠨ ᠬᠤᠪᠢᠶᠠᠷᠢᠯᠠᠯ ᠶᠣᠰᠣᠭᠠᠷ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ 《211》 ᠶᠡᠭᠡ ᠰᠤᠷᠭᠠᠭᠤᠯᠢ ᠪᠠ ᠰᠤᠷᠤᠭᠴᠢ ᠶᠢᠨ ᠢᠷᠡᠯᠲᠡ ᠪᠠᠷ ᠨᠡᠯᠢᠶᠡᠳ ᠰᠠᠶᠢᠨ ᠪᠦᠭᠡᠳ ᠦᠪᠦᠷ ᠮᠣᠩᠭᠣᠯ ᠳᠤ ᠭᠤᠶᠤᠴᠢᠯᠠᠨ ᠵᠥᠪᠰᠢᠶᠡᠷᠡᠭᠦᠯᠦᠭᠰᠡᠨ ᠡᠩ ᠤᠨ ᠶᠡᠭᠡ ᠳᠡᠭᠡᠳᠦ ᠰᠤᠷᠭᠠᠭᠤᠯᠢ᠂ ᠰᠤᠷᠤᠭᠴᠢ ᠡᠯᠰᠡᠬᠦ ᠰᠤᠷᠭᠠᠭᠤᠯᠢ ᠨᠡᠶᠢᠲᠡ 295 ᠪᠠᠶᠢᠨ᠎ᠠ᠃ 7 ᠰᠠᠷ᠎ᠠ ᠶᠢᠨ 16 ᠤ ᠡᠳᠦᠷ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠲᠥᠯᠥᠪᠯᠡᠭᠡ ᠶᠢ ᠪᠦᠬᠦᠨ ᠢ ᠪᠡᠶᠡᠯᠡᠭᠦᠯᠦᠨ᠎ᠡ᠃

    ᠨᠸᠲ ᠢᠶᠡᠷ ᠡᠷᠡᠮᠡᠯᠵᠡᠯ ᠲᠠᠭᠯᠠᠬᠤ ᠴᠠᠭ ᠪᠣᠯ 8᠄ 00 ᠴᠠᠭ ᠠᠴᠠ ᠡᠬᠢᠯᠡᠵᠦ ᠡᠷᠡᠮᠡᠯᠵᠡᠯ ᠲᠠᠭᠯᠠᠨ᠎ᠠ︔9᠄ 00 ᠴᠠᠭ ᠲᠤ ᠨᠸᠲ ᠢᠶᠡᠷ ᠡᠷᠡᠮᠡᠯᠵᠡᠯ ᠲᠠᠭᠯᠠᠭᠰᠠᠨ ᠲᠤᠭ᠎ᠠ ᠪᠦᠷᠢᠳᠬᠡᠯ ᠤᠨ ᠠᠩᠬᠠᠳᠠᠬᠴᠢ ᠮᠡᠳᠡᠭᠡ ᠵᠠᠩᠭᠢ ᠶᠢ ᠨᠡᠶᠢᠲᠡᠯᠡᠨ᠎ᠡ︔10:00 ᠴᠠᠭ ᠠᠴᠠ ᠨᠢᠭᠡᠨᠲᠡ ᠡᠷᠡᠮᠡᠯᠵᠡᠯ ᠲᠠᠭᠯᠠᠭᠰᠠᠨ ᠰᠢᠯᠭᠠᠭᠤᠯᠤᠭᠴᠢ ᠡᠷᠡᠮᠡᠯᠵᠡᠯ ᠢᠶᠡᠨ ᠬᠠᠰᠤᠵᠤ ᠪᠣᠯᠬᠤ ᠦᠭᠡᠢ︔ 10:30 ᠮᠢᠨᠦ᠋ᠲ ᠲᠤ ᠡᠷᠡᠮᠡᠯᠵᠡᠯ ᠲᠠᠭᠯᠠᠭᠰᠠᠨ ᠦᠭᠡᠢ ᠰᠢᠯᠭᠠᠭᠤᠯᠤᠭᠴᠢ ᠳᠠᠬᠢᠨ ᠡᠷᠡᠮᠡᠯᠵᠡᠯ ᠲᠠᠭᠯᠠᠵᠤ ᠪᠣᠯᠬᠤ ᠥᠬᠡᠶ᠂ ᠡᠷᠡᠮᠡᠯᠵᠡᠯ ᠲᠠᠭᠯᠠᠭᠰᠠᠨ ᠰᠢᠯᠭᠠᠭᠤᠯᠤᠭᠴᠢ ᠵᠥᠪᠬᠡᠨ ᠵᠠᠰᠠᠪᠤᠷᠢ ᠣᠷᠣᠭᠤᠯᠵᠤ ᠪᠣᠯᠣᠨ᠎ᠠ︔ 11:00 ᠴᠠᠭ ᠲᠤ᠂ 670 ᠬᠤᠪᠢ ᠠᠴᠠ ᠳᠡᠭᠡᠭ᠍ᠰᠢ ᠰᠢᠯᠭᠠᠭᠤᠯᠤᠭᠴᠢ ᠶᠢᠨ ᠨᠸᠲ ᠢᠶᠡᠷ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 12:00 ᠴᠠᠭ ᠲᠤ᠂ 640 ᠠᠴᠠ 669 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 13:00 ᠴᠠᠭ ᠲᠤ᠂ 610 ᠠᠴᠠ 639 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 14:00 ᠴᠠᠭ ᠲᠤ᠂ 580 ᠠᠴᠠ 609 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 15:00 ᠴᠠᠭ  ᠲᠤ 550 ᠠᠴᠠ 579 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 16:00 ᠴᠠᠭ ᠲᠤ᠂ 520 ᠠᠴᠠ 549 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 17: 00 ᠴᠠᠭ ᠲᠤ᠂ 490 ᠠᠴᠠ 519 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 18:00 ᠴᠠᠭ ᠲᠤ᠂ 460 ᠠᠴᠠ 489 ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ︔ 19:00 ᠴᠠᠭ ᠲᠤ᠂ 460 ᠬᠤᠪᠢ ᠠᠴᠠ ᠳᠣᠭᠤᠭᠰᠢ ᠬᠤᠪᠢ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ᠃

    ᠣᠶᠢᠯᠠᠭᠠᠭᠰᠠᠨ ᠢᠶᠠᠷ᠂ ᠮᠣᠩᠭ᠋ᠤᠯ ᠢᠶᠠᠷ ᠬᠢᠴᠢᠶᠡᠯᠯᠡᠬᠦ ᠤᠷᠠᠯᠢᠭ (ᠨᠡᠶᠢᠭᠡᠮ ᠤᠨ ᠰᠢᠨᠵᠢᠯᠡᠬᠦ ᠤᠬᠠᠭᠠᠨ)᠂ ᠮᠣᠩᠭ᠋ᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ (ᠨᠡᠶᠢᠭᠡᠮ ᠤᠨ ᠰᠢᠨᠵᠢᠯᠡᠬᠦ ᠤᠬᠠᠭᠠᠨ) ᠳᠤ ᠰᠢᠯᠭᠠᠭᠤᠯᠤᠭᠰᠠᠳ ᠮᠣᠩᠭ᠋ᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠪᠤᠶᠤ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ︔ ᠮᠣᠩᠭ᠋ᠤᠯ ᠢᠶᠠᠷ ᠬᠢᠴᠢᠶᠡᠯᠯᠡᠬᠦ ᠤᠷᠠᠯᠢᠭ ( ᠪᠠᠶᠢᠭᠠᠯᠢ ᠶᠢᠨ ᠰᠢᠨᠵᠢᠯᠡᠬᠦ ᠤᠬᠠᠭᠠᠨ)᠂ ᠮᠣᠩᠭ᠋ᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ (ᠪᠠᠶᠢᠭᠠᠯᠢ ᠶᠢᠨ ᠰᠢᠨᠵᠢᠯᠡᠬᠦ ᠤᠬᠠᠭᠠᠨ) ᠳᠤ ᠰᠢᠯᠭᠠᠭᠤᠯᠤᠭᠰᠠᠳ ᠮᠣᠩᠭ᠋ᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠪᠤᠶᠤ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠡᠮᠡᠯᠵᠡᠯ ᠢ ᠬᠠᠪᠰᠤᠷᠭᠠᠨ ᠮᠡᠳᠡᠭᠦᠯᠵᠦ ᠪᠣᠯᠤᠨ᠎ᠠ᠃ ᠬᠢᠲᠠᠳ  ᠢᠶᠠᠷ ᠬᠢᠴᠢᠶᠡᠯᠯᠡᠬᠦ ᠤᠷᠠᠯᠢᠭ (ᠨᠡᠶᠢᠭᠡᠮ ᠤᠨ ᠰᠢᠨᠵᠢᠯᠡᠬᠦ ᠤᠬᠠᠭᠠᠨ)᠂ ᠬᠢᠲᠠᠳ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ (ᠨᠡᠶᠢᠭᠡᠮ ᠤᠨ ᠰᠢᠨᠵᠢᠯᠡᠬᠦ ᠤᠬᠠᠭᠠᠨ) ᠳᠤ ᠰᠢᠯᠭᠠᠭᠤᠯᠤᠭᠰᠠᠳ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ︔ ᠬᠢᠲᠠᠳ ᠢᠶᠠᠷ ᠬᠢᠴᠢᠶᠡᠯᠯᠡᠬᠦ ᠤᠷᠠᠯᠢᠭ (ᠪᠠᠶᠢᠭᠠᠯᠢ ᠶᠢᠨ ᠰᠢᠨᠵᠢᠯᠡᠬᠦ ᠤᠬᠠᠭᠠᠨ)᠂ ᠬᠢᠲᠠᠳ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ (ᠪᠠᠶᠢᠭᠠᠯᠢ ᠶᠢᠨ ᠰᠢᠨᠵᠢᠯᠡᠬᠦ ᠤᠬᠠᠭᠠᠨ) ᠲᠤ ᠰᠢᠯᠭᠠᠭᠤᠯᠤᠭᠰᠠᠳ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ᠃ ᠮᠣᠩᠭ᠋ᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠭᠤᠯᠤᠭᠴᠢ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ᠃ ᠮᠣᠩᠭ᠋ᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠢᠯᠭᠠᠭᠤᠯᠤᠭᠴᠢ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠬᠠᠪᠰᠤᠷᠭᠠᠨ ᠲᠠᠭᠯᠠᠵᠤ ᠪᠣᠯᠤᠨ᠎ᠠ᠃

ᠢᠷᠡᠯᠳᠡ᠄ ᠦᠪᠦᠷ ᠮᠣᠩᠭᠣᠯ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121315400