蒙古文网站Logo
ᠰᠢᠨᠬᠤᠸᠠ ᠮᠤᠩᠭ᠋ᠤᠯ ᠨᠧᠲ

ᠵᠢᠷᠭᠤᠳᠤᠭᠠᠷ ᠬᠤᠭᠤᠴᠠᠭᠠᠨ ᠤ ᠬᠦᠪᠴᠢ ᠤᠯᠠᠨ ᠤᠯᠤᠰ ᠤᠨ ᠡᠯᠡᠰᠦᠨ ᠴᠦᠯ ᠤᠨ ᠹᠤᠷᠦ᠋ᠮ 7 ᠰᠠᠷ᠎ᠠ ᠶᠢᠨ 28 ᠤ ᠡᠳᠦᠷ ᠬᠦᠪᠴᠢ ᠡᠯᠡᠰᠦᠨ ᠴᠦᠯ ᠳᠤ ᠶᠠᠪᠤᠭᠳᠠᠨ᠎ᠠ

2017-07-17 14:36

    ᠰᠤᠷᠪᠤᠯᠵᠢᠯᠠᠭᠴᠢ ᠪᠡᠭᠡᠵᠢᠩ ᠳᠤ ᠶᠠᠪᠤᠭᠳᠠᠭᠰᠠᠨ ᠬᠦᠪᠴᠢ ᠤᠯᠠᠨ ᠤᠯᠤᠰ ᠤᠨ ᠡᠯᠡᠰᠦᠨ ᠴᠦᠯ ᠤᠨ ᠹᠤᠷᠦ᠋ᠮ ᠤᠨ ᠬᠡᠪᠯᠡᠯ ᠮᠡᠳᠡᠭᠡᠯᠡᠯ ᠨᠡᠶᠢᠲᠡᠯᠡᠬᠦ ᠬᠤᠷᠠᠯ ᠡᠴᠡ ᠤᠶᠢᠯᠠᠭᠠᠭᠰᠠᠨ ᠢᠶᠡᠷ᠂ ᠵᠢᠷᠭᠤᠳᠤᠭᠠᠷ ᠬᠤᠭᠤᠴᠠᠭᠠᠨ ᠤ ᠬᠦᠪᠴᠢ ᠤᠯᠠᠨ ᠤᠯᠤᠰ ᠤᠨ ᠡᠯᠡᠰᠦᠨ ᠴᠦᠯ ᠤᠨ ᠹᠤᠷᠦ᠋ᠮ 7 ᠰᠠᠷ᠎ᠠ ᠶᠢᠨ 28 ᠡᠴᠡ 30 ᠤ ᠡᠳᠦᠷ ᠪᠤᠯᠲᠠᠯ᠎ᠠ ᠦᠪᠦᠷ ᠮᠣᠩᠭᠣᠯ ᠤᠨ ᠬᠦᠪᠴᠢ ᠡᠯᠡᠰᠦᠨ ᠴᠦᠯ ᠳᠤ ᠶᠠᠪᠤᠭᠳᠠᠨ᠎ᠠ᠃

    ᠬᠦᠪᠴᠢ ᠤᠯᠠᠨ ᠤᠯᠤᠰ ᠤᠨ ᠡᠯᠡᠰᠦᠨ ᠴᠦᠯ ᠤᠨ ᠹᠤᠷᠦ᠋ᠮ 2007 ᠤᠨ ᠳᠤ ᠡᠬᠢᠯᠡᠨ ᠶᠠᠪᠤᠭᠳᠠᠭᠰᠠᠨ ᠡᠴᠡ ᠨᠠᠰᠢ᠂ ᠬᠤᠶᠠᠷ ᠵᠢᠯ ᠳᠤ ᠨᠢᠭᠡ ᠤᠳᠠᠭ᠎ᠠ ᠡᠷᠬᠢᠯᠡᠵᠤ ᠪᠤᠢ᠃ ᠡᠨᠡ ᠨᠢ ᠨᠢᠭᠡᠳᠦᠭᠰᠡᠨ ᠦᠨᠳᠦᠰᠦᠲᠡᠨ ᠤ ᠪᠠᠶᠢᠭᠤᠯᠤᠯᠭ᠎ᠠ ᠡᠴᠡ ᠲᠤᠭᠲᠠᠭᠠᠭᠰᠠᠨ ᠳᠡᠯᠡᠬᠡᠢ ᠶᠢᠨ ᠴᠦᠯᠵᠢᠯᠳᠡ ᠢᠢ ᠰᠡᠷᠭᠡᠶᠢᠯᠡᠬᠦ ᠭᠡᠷ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢᠨ ᠴᠢᠬᠤᠯᠠ ᠠᠷᠭ᠎ᠠ ᠪᠠᠷᠢᠯ ᠪᠤᠯᠤᠨ ᠲᠠᠪᠴᠠᠩ ᠮᠦᠨ᠃ ᠹᠤᠷᠦ᠋ᠮ ᠢ ᠰᠢᠨᠵᠢᠯᠡᠬᠦ ᠤᠬᠠᠭᠠᠨ ᠤ ᠶᠠᠮᠤᠨ᠂ ᠤᠯᠤᠰ ᠤᠨ ᠤᠢ ᠰᠢᠭᠤᠢ ᠶᠢᠨ ᠲᠤᠪᠴᠢᠶ ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠵᠢᠴᠢ ᠨᠢᠭᠡᠳᠦᠭᠰᠡᠨ ᠦᠨᠳᠦᠰᠤᠨ ᠤ ᠪᠠᠶᠢᠭᠤᠯᠤᠯᠭ᠎ᠠ ᠶᠢᠨ ᠤᠷᠴᠢᠨ ᠲᠤᠭᠤᠷᠢᠨ ᠤ ᠵᠠᠬᠢᠷᠭ᠎ᠠ᠂ ᠨᠢᠭᠡᠳᠦᠭᠰᠡᠨ ᠦᠨᠳᠦᠰᠤᠨ ᠤ ᠪᠠᠶᠢᠭᠤᠯᠤᠯᠭ᠎ᠠ ᠶᠢᠨ ᠴᠦᠯᠵᠢᠯᠳᠠ ᠶᠢ ᠰᠡᠷᠭᠡᠶᠢᠯᠡᠬᠦ ᠭᠡᠷ᠎ᠠ ᠶᠢᠨ ᠨᠠᠷᠢᠨ ᠪᠢᠴᠢᠭ᠌ ᠤᠨ ᠭᠠᠵᠠᠷ ᠲᠠᠢ ᠬᠠᠮᠲᠤᠷᠠᠨ ᠰᠠᠨᠠᠭᠠᠴᠢᠯᠠᠵᠤ᠂ ᠳᠤᠮᠳᠠᠳᠤ ᠤᠯᠤᠰ ᠤᠨ ᠭᠠᠳᠠᠭᠠᠲᠤ ᠬᠠᠷᠢᠯᠴᠠᠭᠠᠨ ᠤ ᠨᠡᠶᠢᠭᠡᠮᠯᠢᠭ᠌ ᠤᠨ ᠠᠯᠪᠠᠨ᠂ ᠤᠷᠳᠤᠰ ᠬᠤᠲᠠ ᠶᠢᠨ ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠡᠢ ᠯᠢ ᠨᠡᠶᠢᠲᠡ ᠶᠢᠨ ᠹᠤᠨᠳ᠋ ᠡᠴᠡ ᠬᠠᠮᠲᠤᠷᠠᠨ ᠵᠤᠬᠢᠶᠠᠨ ᠪᠠᠶᠢᠭᠤᠯᠬᠤ ᠶᠤᠮ ᠪᠠᠶᠢᠨ᠎ᠠ᠃

    ᠬᠦᠪᠴᠢ ᠡᠯᠡᠰᠦᠨ ᠴᠦᠯ ᠨᠢ ᠮᠠᠨ ᠤ ᠤᠯᠤᠰ ᠤᠨ ᠳᠤᠯᠤᠳᠤᠭᠠᠷ ᠶᠡᠬᠡ ᠡᠯᠡᠰᠦᠨ ᠴᠦᠯ ᠪᠤᠯᠤᠨ᠎ᠠ᠃ 30 ᠵᠢᠯ ᠤᠨ ᠲᠤᠷᠰᠢ᠂ ᠲᠤᠬᠠᠢ ᠶᠢᠨ ᠤᠷᠤᠨ ᠤ ᠵᠠᠰᠠᠭ ᠤᠨ ᠤᠷᠳᠤᠨ᠂ ᠲᠤᠯᠤᠭᠠᠶᠢᠯᠠᠭᠴᠢ ᠠᠵᠤ ᠠᠬᠤᠶᠢᠯᠠᠯ᠂ ᠡᠯᠡᠰᠦᠨ ᠴᠦᠯ ᠤᠨ ᠰᠠᠭᠤᠭᠠᠯᠢ ᠢᠷᠭᠡᠳ ᠬᠠᠮᠲᠤᠷᠠᠨ 6353 ᠺᠢᠯᠦᠮᠸᠲ᠋ᠷ ᠭᠠᠵᠠᠷ ᠢ ᠨᠤᠭᠤᠭᠠᠷᠠᠭᠤᠯᠵᠤ᠂ ᠨᠤᠭᠤᠭᠠᠷᠠᠭᠤᠯᠤᠭᠰᠠᠨ ᠲᠡᠯᠡᠪᠡᠢ ᠬᠦᠪᠴᠢ ᠡᠯᠡᠰᠦᠨ ᠴᠦᠯ ᠤᠨ ᠭᠤᠷᠪᠠᠨ ᠤ ᠨᠢᠭᠡ ᠶᠢ ᠡᠵᠡᠯᠡᠪᠡ᠃ ᠬᠦᠪᠴᠢ ᠨᠢ ᠳᠡᠯᠡᠭᠡᠢ ᠶᠢᠨ ᠬᠠᠮᠤᠭ ᠤᠨ ᠠᠩᠬᠠᠨ ᠤ ᠪᠦᠬᠦᠯᠢ ᠴᠤᠭᠴᠠ ᠪᠡᠷ ᠨᠢ ᠵᠠᠰᠠᠬᠤ ᠡᠯᠡᠰᠦᠨ ᠴᠦᠯ ᠪᠠᠶᠢᠵᠤ᠂ 10 ᠲᠦᠮᠡ ᠭᠠᠷᠤᠢ ᠡᠯᠡᠰᠦᠨ ᠴᠦᠯ ᠤᠨ ᠢᠷᠭᠡᠳ ᠶᠠᠳᠠᠭᠤ ᠡᠴᠡ ᠠᠩᠭᠢᠵᠢᠷᠠᠵᠠᠢ᠃ ᠬᠦᠪᠴᠢ ᠶᠢᠨ ᠡᠯᠡᠰᠦ ᠶᠢ ᠵᠠᠰᠠᠬᠤ ᠠᠮᠵᠢᠯᠲᠠ ᠨᠢ ᠤᠯᠤᠰ ᠤᠨ ᠲᠤᠳᠤᠭᠠᠲᠤ ᠭᠠᠳᠠᠭᠠᠲᠤ ᠶᠢᠨ ᠦᠨᠳᠦᠷ ᠦᠨᠡᠯᠡᠭᠡ ᠢᠢ ᠤᠯᠵᠤ᠂ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠡᠴᠡ《 ᠤᠷᠴᠢᠨ ᠲᠤᠭᠤᠷᠢᠨ ᠵᠢᠴᠢ ᠬᠦᠭ᠍ᠵᠢᠯᠲᠠ ᠶᠢᠨ ᠱᠠᠩᠨᠠᠯ》᠂《 ᠳᠡᠯᠡᠬᠡᠢ ᠶᠢᠨ ᠡᠯᠡᠰᠦ ᠶᠢ ᠵᠠᠰᠠᠬᠤ ᠤᠳᠤᠷᠢᠳᠤᠭᠴᠢ ᠱᠠᠩᠨᠠᠯ》ᠤᠯᠭᠤᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121331491