蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ᠄ 20 ᠤ ᠡᠳᠦᠷ ᠪᠤᠷᠤᠭᠠᠨ ᠤᠷᠤᠬᠤ ᠪᠤᠯᠤᠮᠵᠢ ᠲᠠᠢ

2017-07-18 11:37

    ᠰᠤᠷᠪᠤᠯᠵᠢᠯᠠᠭᠴᠢ ᠬᠦᠬᠡᠬᠤᠲᠠ ᠶᠢᠨ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠬᠠᠮᠤᠭ ᠤᠨ ᠰᠢᠨ᠎ᠠ ᠴᠠᠭ ᠠᠭᠠᠷ ᠤᠨ ᠪᠦᠷᠢᠳᠭᠡᠯ ᠢ ᠦᠨᠳᠦᠰᠦᠯᠡᠪᠡᠯ᠂ ᠤᠷᠢᠳᠴᠢᠯᠠᠨ ᠲᠤᠭᠠᠴᠠᠭᠠᠯᠠᠭᠰᠠᠨ ᠢᠶᠡᠷ᠂ 7 ᠰᠠᠷ᠎ᠠ ᠶᠢᠨ 18 ᠡᠴᠡ 21 ᠤ ᠡᠳᠦᠷ ᠪᠤᠯᠲᠠᠯ᠎ᠠ ᠡᠦ᠋ᠴᠤᠸᠠᠨ ᠰᠢᠶᠠᠨ  ᠢ ᠭᠠᠷᠭᠠᠪᠠᠯ ᠬᠦᠬᠡᠬᠤᠲᠠ ᠶᠢᠨ ᠪᠤᠰᠤᠳ ᠪᠦᠰᠡ ᠨᠤᠲᠤᠭ ᠲᠤ ᠮᠦᠨ ᠦᠨᠳᠦᠷ ᠳᠤᠯᠠᠭᠠᠨ ᠦᠷᠭᠦᠯᠵᠢᠯᠡᠵᠤ᠂ 19 ᠤ ᠡᠳᠦᠷ ᠪᠤᠯᠬᠤ ᠳᠤ ᠬᠦᠬᠡᠬᠤᠲᠠ ᠶᠢᠨ ᠶᠡᠬᠡᠩᠭᠢ ᠪᠦᠰᠡ ᠨᠤᠲᠤᠭ ᠤᠨ ᠠᠭᠠᠷ ᠤᠨ ᠳᠤᠯᠠᠭᠠᠨ 35 ᠭᠷᠠᠳ᠋ᠦ᠋ᠰ ᠢ ᠳᠠᠪᠠᠨ᠎ᠠ᠃ 18  ᠡᠳᠦᠷ ᠪᠤᠯᠤᠨ 20᠂ 21 ᠤ ᠡᠳᠦᠷ ᠬᠦᠬᠡᠬᠤᠲᠠ ᠶᠢᠨ ᠶᠡᠬᠡᠩᠭᠢ ᠪᠦᠰᠡ ᠨᠤᠲᠤᠭ ᠤᠨ ᠠᠭᠠᠷ ᠤᠨ ᠳᠤᠯᠠᠭᠠᠨ 32 ᠭᠷᠠᠳ᠋ᠦ᠋ᠰ ᠢ ᠳᠠᠪᠠᠵᠤ᠂ ᠬᠠᠮᠤᠭ ᠤᠨ ᠳᠤᠤᠷ᠎ᠠ ᠠᠭᠠᠷ ᠤᠨ ᠳᠤᠯᠠᠭᠠᠨ 20 ᠭᠷᠠᠳ᠋ᠦ᠋ᠰ ᠤᠷᠴᠢᠮ ᠪᠤᠯᠤᠨ᠎ᠠ᠃ 20 ᠤ ᠡᠳᠦᠷ ᠳᠡᠳ᠋ ᠬᠠᠯᠠᠭᠤᠨ ᠪᠦᠰᠡ  ᠢᠢᠨ ᠦᠨᠳᠦᠷ ᠳᠠᠷᠤᠯᠲᠠ ᠵᠡᠭᠦᠨᠰᠢ ᠰᠢᠯᠵᠢᠬᠦ ᠪᠠ ᠬᠦᠢᠳᠡᠨ ᠤᠷᠤᠰᠬᠠᠯ ᠤᠨ ᠡᠮᠦᠨᠡᠰᠢ ᠰᠢᠯᠵᠢᠬᠦ ᠨᠦᠯᠦᠭᠡᠯᠡᠯ ᠡᠴᠡ ᠪᠤᠯᠵᠤ᠂ ᠪᠤᠷᠤᠭᠠᠨ ᠤᠷᠤᠬᠤ ᠪᠤᠯᠤᠮᠵᠢ ᠲᠠᠢ᠃ 22 ᠤᠨ ᠡᠳᠦᠷ ᠪᠤᠯᠬᠤ ᠳᠤ ᠦᠨᠳᠦᠷ ᠳᠤᠯᠠᠭᠠᠨ ᠴᠠᠭ ᠠᠭᠠᠷ ᠪᠠᠭᠤᠷᠠᠬᠤ ᠳᠡᠶᠢᠰᠢ ᠪᠡᠨ ᠬᠠᠨᠳᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121337825