蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠶᠡᠬᠡᠩᠬᠢ ᠪᠦᠰᠡ ᠨᠤᠲᠤᠭ ᠢᠶᠡᠷ ᠪᠤᠷᠤᠭᠠᠨ ᠤᠷᠤᠵᠤ ᠠᠭᠠᠷ ᠠᠮᠢᠰᠬᠤᠯ ᠲᠠᠭᠠᠯᠠᠮᠵᠢᠲᠠᠢ ᠪᠤᠯᠤᠨ᠎ᠠ

2017-07-19 17:17

    ᠰᠢᠨᠬᠤᠸᠠ ᠬᠤᠷᠢᠶ᠎ᠠ  ᠬᠦᠬᠡᠬᠤᠳᠠ ᠶᠢᠨ 7 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠬᠠᠯᠢᠨ᠎ᠠ) ᠰᠤᠷᠪᠤᠯᠵᠢᠯᠠᠭᠴᠢ ᠦᠪᠦᠷ ᠮᠤᠩᠭᠤᠯ ᠤᠨ ᠴᠠᠭ ᠠᠭᠤᠷ ᠤᠨ ᠲᠤᠪᠴᠢᠶᠠᠨ ᠡᠴᠡ ᠤᠶᠢᠯᠠᠭᠠᠭᠰᠠᠨ ᠢᠶᠡᠷ᠂ ᠲᠡᠳ᠋ ᠬᠠᠯᠠᠭᠤᠨ ᠪᠦᠰᠡ ᠶᠢᠨ ᠦᠨᠳᠦᠷ ᠲᠠᠷᠤᠯᠳᠠ ᠵᠡᠬᠦᠨᠰᠢ ᠰᠢᠯᠵᠢᠭᠰᠡᠨ ᠪᠠ ᠭᠦᠢᠳᠡᠨ ᠤᠷᠤᠰᠬᠠᠯ ᠡᠮᠦᠨᠡᠰᠢ ᠰᠢᠯᠵᠢᠭ᠍ᠰᠠᠨ ᠨᠦᠯᠦᠬᠡᠯᠡᠯ ᠢᠶᠡᠷ᠂ 7 ᠰᠠᠷ᠎ᠠ ᠶᠢᠨ 19 ᠤ ᠡᠳᠦᠷ ᠡᠴᠡ 20 ᠤ ᠡᠳᠦᠷ ᠪᠤᠯᠲᠠᠯ᠎ᠠ᠂ ᠦᠪᠦᠷ ᠮᠤᠩᠭᠤᠯ ᠤᠨ ᠶᠡᠬᠡᠩᠬᠢ ᠪᠦᠰᠡ ᠨᠤᠲᠤᠭ ᠢᠶᠡᠷ ᠪᠤᠷᠤᠭᠠᠨ ᠬᠤᠷ᠎ᠠ ᠪᠠᠭᠤᠬᠤ ᠮᠦᠷᠲᠡᠬᠡᠨ ᠰᠤᠯᠢᠭ ᠤᠷᠤᠰᠬᠠᠯᠳᠤ ᠴᠠᠭ ᠠᠭᠠᠷ ᠢᠯᠡᠷᠡᠬᠦ ᠪᠤᠯᠦᠮᠵᠢ ᠲᠠᠢ᠃

    ᠦᠪᠦᠷ ᠮᠤᠩᠭᠤᠯ ᠤᠨ ᠴᠠᠭ ᠠᠭᠤᠷ ᠤᠨ ᠬᠤᠷᠢᠶᠠᠨ ᠡᠴᠡ ᠲᠤᠭᠠᠴᠠᠭᠠᠯᠠᠬᠰᠠᠨ ᠢᠶᠡᠷ᠂ 19 ᠤ ᠡᠳᠦᠷ ᠤᠨ 8᠄ 00 ᠴᠠᠭ ᠡᠴᠡ 21 ᠤ ᠡᠳᠦᠷ ᠤᠨ 8᠄ 00 ᠴᠠᠭ ᠪᠤᠯᠳᠠᠯ᠎ᠠ᠂ ᠦᠪᠦᠷ ᠮᠤᠩᠭᠤᠯ ᠤᠨ ᠶᠡᠬᠡᠩᠭᠢ ᠪᠦᠰᠡ ᠨᠤᠲᠤᠭ ᠲᠤ ᠪᠤᠷᠤᠭ᠎ᠠ ᠤᠷᠤᠨ᠎ᠠ᠂ ᠡᠬᠦᠨ ᠳᠤ ᠠᠭᠠᠬᠢᠮ᠎ᠠ ᠬᠠᠯᠠᠭᠤᠨ ᠴᠠᠭ ᠠᠭᠠᠷ ᠤᠨ ᠪᠠᠶᠢᠳᠠᠯ ᠨᠡᠯᠢᠶᠡᠳ ᠬᠡᠴᠡᠬᠦᠦ ᠪᠠᠶᠢᠭ᠎ᠠ ᠰᠢᠯᠢ ᠶᠢᠨ ᠭᠤᠤᠯ ᠠᠶᠢᠮᠠᠭ ᠤᠨ ᠵᠡᠬᠦᠨ ᠬᠡᠰᠡᠭ᠂ ᠤᠯᠠᠭᠠᠨᠬᠠᠳᠠ ᠬᠤᠳᠠ᠂ ᠲᠦᠩᠯᠢᠶᠤᠤ ᠬᠤᠳᠠ᠂ ᠬᠢᠩ᠋ᠭᠠᠨ ᠠᠶᠢᠮᠠᠭ ᠲᠤ ᠲᠤᠮᠳᠠ ᠵᠡᠷᠬᠡ ᠶᠢᠨ ᠪᠤᠷᠤᠭᠠᠨ ᠲᠠᠢ᠂ ᠲᠤᠨᠳᠠᠰᠤᠨ ᠤ ᠬᠡᠮᠵᠢᠶ᠎ᠡ 10.0 – 24.9 ᠮᠢᠯᠢᠮᠧᠲ᠋ᠷ ᠲᠤ ᠬᠦᠷᠦᠨ᠎ᠡ; ᠲᠦᠩᠯᠢᠶᠤᠤ ᠬᠤᠳᠠ ᠶᠢᠨ ᠡᠮᠦᠨᠡᠳᠤ ᠬᠡᠰᠡᠭ ᠬᠢᠬᠡᠳ ᠵᠡᠬᠦᠨ ᠬᠡᠰᠡᠭ᠂ ᠬᠢᠩ᠋ᠭᠠᠨ ᠠᠶᠢᠮᠠᠭ ᠤᠨ ᠵᠡᠬᠦᠨ ᠡᠮᠦᠨᠡᠳᠤ ᠬᠡᠰᠡᠭ ᠲᠤ ᠶᠡᠬᠡ ᠪᠤᠷᠤᠭᠠᠨ ᠲᠠᠢ᠂ ᠲᠤᠨᠳᠠᠰᠤᠨ ᠤ ᠬᠡᠮᠵᠢᠶ᠎ᠡ 25.0 – 49.9 ᠮᠢᠯᠢᠮᠧᠲ᠋ᠷ ᠲᠤ ᠬᠦᠷᠦᠨ᠎ᠡ᠃ ᠲᠤᠬᠠᠢ ᠶᠢᠨ ᠦᠶ᠎ᠠ ᠳᠤ᠂ ᠲᠤᠮᠳᠠ ᠵᠡᠬᠦᠨ ᠪᠦᠰᠡ ᠨᠤᠲᠤᠭ ᠤᠨ ᠠᠭᠠᠬᠢᠮ᠎ᠠ ᠬᠠᠯᠠᠭᠤᠨ ᠴᠠᠭ ᠠᠭᠠᠷ ᠤᠨ ᠪᠠᠶᠢᠳᠠᠯ ᠨᠠᠮᠳᠠᠵᠤ᠂ ᠪᠠᠷᠠᠭᠤᠨ ᠪᠦᠰᠡ ᠨᠤᠲᠤᠭ ᠤᠨ ᠠᠭᠠᠬᠢᠮ᠎ᠠ ᠬᠠᠯᠠᠭᠤᠨ ᠴᠠᠭ ᠠᠭᠠᠷ ᠴᠤ ᠠᠶᠠᠷᠠᠬᠤ ᠪᠤᠯᠤᠨ᠎ᠠ᠃ ᠦᠩᠬᠡᠷᠡᠭᠰᠡᠨ ᠭᠠᠷᠠᠭ ᠲᠤ ᠦᠪᠦᠷ ᠮᠤᠩᠭᠤᠯ ᠤᠨ ᠶᠡᠬᠡᠩᠬᠢ ᠪᠦᠰᠡ ᠨᠤᠲᠤᠭ ᠢᠶᠡᠷ ᠠᠭᠠᠬᠢᠮ᠎ᠠ ᠬᠠᠯᠠᠭᠤᠨ ᠴᠠᠭ ᠠᠭᠠᠷ ᠦᠷᠬᠦᠯᠵᠢᠯᠡᠵᠦ᠂ ᠬᠠᠮᠤᠭ ᠤᠨ ᠦᠨᠳᠦᠷ ᠠᠭᠠᠷ ᠤᠨ ᠳᠤᠯᠠᠭᠠᠨ 35℃  ᠢ᠋ ᠭᠡᠳᠤᠷᠡᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121346531