蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ 2020 ᠤᠨ ᠪᠤᠯᠲᠠᠯ᠎ᠠ ᠨᠠᠰᠤᠲᠠᠶᠢᠴᠤᠳ ᠤᠨ ᠶᠡᠬᠡ ᠰᠤᠷᠭᠠᠭᠤᠯᠢ ᠶᠢ 500 ᠳᠤ ᠬᠦᠷᠭᠡᠨ᠎ᠠ

2017-07-27 16:59

    ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠪᠦᠬᠦᠯᠢ ᠴᠤᠭᠴᠠ ᠶᠢ ᠳᠡᠭᠡᠭ᠍ᠰᠢᠯᠡᠭᠦᠯᠵᠤ᠂ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠦᠢᠯᠡᠰ ᠤᠨ ᠰᠢᠨᠵᠢᠯᠡᠬᠦ ᠤᠬᠠᠭᠠᠨᠴᠢ ᠬᠦᠭ᠍ᠵᠢᠯ ᠢ ᠠᠬᠢᠭᠤᠯᠬᠤ ᠶᠢᠨ ᠲᠦᠯᠦᠭᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠡᠴᠡ ᠲᠦᠷᠦᠭᠦᠬᠡᠨ《ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠬᠦᠭ᠍ᠵᠢᠯᠲᠠ ᠶᠢᠨ ᠲᠤᠬᠠᠢ ᠬᠡᠷᠡᠭᠵᠢᠭᠦᠯᠬᠦ ᠰᠠᠨᠠᠯ》( ᠳᠠᠷᠠᠭᠠᠴᠢ ᠪᠡᠷ ᠰᠠᠨᠠᠯ ᠭᠡᠵᠤ ᠳᠦᠭᠦᠮᠴᠢᠯᠡᠨ᠎ᠠ)  ᠶ᠋ᠢ ᠳᠠᠷᠤᠮᠠᠯᠯᠠᠨ ᠲᠠᠷᠬᠠᠭᠠᠪᠠ᠃

    《ᠰᠠᠨᠠᠯ ᠳᠤ》 ᠳ᠋ᠤ ᠬᠠᠷᠠᠯᠲᠠ ᠪᠡᠨ ᠲᠤᠳᠤᠷᠬᠠᠢ ᠳᠤᠷᠠᠳᠴᠠᠢ᠃ 2020 ᠤᠨ ᠪᠤᠯᠲᠠᠯ᠎ᠠ᠂ ᠡᠯ᠎ᠠ ᠵᠦᠢᠯ ᠤᠨ ᠠᠷᠭ᠎ᠠ ᠬᠡᠯᠪᠡᠷᠢ ᠪᠡᠷ ᠰᠤᠷᠭᠠᠨ ᠬᠦᠮᠦᠵᠢᠯ ᠤᠨ ᠠᠵᠢᠯᠯᠠᠭ᠎ᠠ ᠳᠤ ᠪᠠᠶᠢᠩᠭ᠋ᠤ ᠤᠷᠤᠯᠴᠠᠳᠠᠭ ᠨᠠᠰᠤᠲᠠᠶᠢᠴᠤᠳ ᠢ ᠤᠷᠤᠨ ᠳᠠᠶᠠᠭᠠᠷ ᠤᠨ ᠨᠠᠰᠤᠲᠠᠶᠢᠴᠤᠳ ᠤᠨ ᠶᠡᠷᠦᠩᠬᠡᠢ ᠲᠤᠭᠠᠨ ᠤ ᠬᠠᠷᠢᠴᠠᠯ ᠤᠨ 20% ᠶᠢ ᠲᠠᠪᠠᠭᠤᠯᠵᠤ᠂ ᠨᠠᠰᠤᠲᠠᠶᠢᠴᠤᠳ ᠤᠨ ᠰᠤᠷᠭᠠᠨ ᠬᠦᠮᠦᠵᠢᠯ ᠳᠤ ᠤᠷᠤᠯᠴᠠᠵᠤ ᠪᠠᠶᠢᠭ᠎ᠠ ᠬᠦᠮᠦᠨ ᠤ ᠲᠤᠭ᠎ᠠ ᠶᠢ 80 ᠲᠦᠮᠡ ᠶᠢ ᠳᠠᠪᠠᠭᠤᠯᠤᠨ᠎ᠠ᠂ ᠡᠭᠦᠨ ᠳᠤ᠂ ᠡᠴᠢᠨ᠎ᠠ ᠰᠤᠷᠭᠠᠯᠲᠠ ᠳᠤ ᠤᠷᠤᠯᠴᠠᠬᠤ ᠨᠠᠰᠤᠲᠠᠶᠢᠴᠤᠳ ᠢ 50% ᠭᠠᠷᠤᠢ ᠶᠢ ᠡᠵᠡᠯᠡᠭᠦᠯᠵᠦ᠂ ᠨᠠᠰᠤᠲᠠᠶᠢᠴᠤᠳ ᠤᠨ ᠰᠤᠷᠭᠠᠭᠤᠯᠢ ᠶᠢ 500 ᠳᠤ ᠬᠦᠷᠭᠡᠨ᠎ᠠ᠂ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠰᠤᠷᠤᠯᠴᠠᠬᠤ ᠪᠠᠭ  ᠢ1500 ᠳᠤ ᠬᠦᠷᠭᠡᠵᠤ᠂ ᠰᠤᠷᠬᠤ ᠡᠬᠢ ᠪᠠᠶᠠᠯᠢᠭ ᠤᠨ ᠨᠦᠬᠡᠴᠡ ᠶᠢ ᠠᠩᠬ᠎ᠠ ᠠᠯᠬᠤᠮ ᠪᠠᠶᠢᠭᠤᠯᠤᠨ᠎ᠠ᠃

    《ᠰᠠᠨᠠᠯ》 ᠳ᠋ᠤ᠂ ᠨᠠᠰᠤᠲᠠᠶᠢᠴᠤᠳ ᠤᠨ ᠰᠤᠷᠭᠠᠨ ᠬᠦᠮᠦᠵᠢᠯ  ᠳᠤ ᠡᠬᠢ ᠰᠤᠷᠪᠤᠯᠵᠢ  ᠬᠠᠩᠭ᠋ᠠᠬᠤ ᠪᠡᠷ ᠳᠠᠮᠵᠢᠨ ᠬᠤᠲᠠ ᠪᠠᠯᠭᠠᠰᠤ ᠨᠠᠶᠢᠭᠡᠮ ᠲᠡᠭᠦᠷᠭᠡ ᠶᠢᠨ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠴᠢᠳᠠᠮᠵᠢ ᠶᠢ ᠲᠤᠭᠲᠠᠭᠠᠵᠤ ᠤᠷᠤᠨ ᠵᠠᠢ ᠶᠢ ᠦᠷᠭᠡᠳᠭᠡᠨ᠂ ᠬᠦᠳᠡᠭᠡ ᠤᠷᠤᠨ ᠨᠤᠲᠤᠭ ᠤᠨ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠢᠭᠡᠳᠭᠡᠬᠦ ᠪᠤᠯᠤᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭ᠍ᠰᠢᠯᠡᠭᠦᠯᠵᠤ᠂ ᠨᠠᠰᠤᠲᠠᠶᠢᠴᠤᠳ ᠤᠨ ᠰᠤᠷᠭᠠᠨ ᠬᠦᠮᠦᠵᠢᠯ ᠢ ᠭᠤᠤᠯᠳᠠᠯᠭ᠎ᠠ ᠲᠠᠢ ᠬᠥᠭ᠍ᠵᠢᠭᠦᠯᠦᠨ᠎ᠡ᠃ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠦᠢᠯᠡᠴᠢᠯᠡᠭᠡᠨ ᠤ ᠰᠢᠰᠲ᠋ᠸᠮ ᠢ ᠲᠠᠰᠤᠷᠠᠯᠲᠠ ᠦᠭᠡᠢ ᠲᠡᠭᠦᠯᠲᠡᠷᠵᠢᠭᠦᠯᠵᠤ᠂ ᠡᠩ ᠤᠨ ᠶᠡᠬᠡ ᠲᠡᠭᠡᠲᠤ ᠰᠤᠷᠭᠠᠭᠤᠯᠢ ᠪᠤᠯᠤᠨ ᠠᠵᠢᠯ ᠮᠡᠷᠭᠡᠵᠢᠯ ᠤᠨ ᠲᠡᠬᠡᠲᠤ ᠰᠤᠷᠭᠠᠭᠤᠯᠢ ᠨᠠᠰᠤᠲᠠᠶᠢᠴᠤᠳ ᠲᠤ ᠬᠢᠴᠢᠶᠡᠯ ᠤᠨ ᠡᠬᠢ ᠰᠤᠷᠪᠤᠯᠵᠢ ᠬᠠᠩᠭ᠋ᠠᠬᠤ ᠶᠢ ᠠᠬᠢᠭᠤᠯᠤᠨ᠎ᠠ᠃ ᠨᠠᠰᠤᠲᠠᠶᠢᠴᠤᠳ ᠤᠨ ᠰᠤᠷᠭᠠᠨ ᠬᠦᠮᠦᠵᠢᠯ ᠰᠤᠷᠠᠭ ᠵᠠᠩᠭᠢᠵᠢᠯᠲᠠ ᠶᠢᠨ ᠠᠬᠢᠴᠠ ᠶᠢ ᠲᠦᠷᠭᠡᠳᠭᠡᠵᠤ᠂ ᠨᠠᠰᠤᠲᠠᠶᠢᠴᠤᠳ ᠤᠨ ᠲᠤᠭᠠᠴᠢᠯᠠᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠨᠦᠬᠡᠴᠡ ᠶᠢ ᠪᠤᠢ ᠪᠤᠯᠭᠠᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121390798