蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠨᠳᠦᠷ ᠳᠤᠯᠠᠭᠠᠨ ᠴᠠᠭ ᠠᠭᠠᠷ ᠲᠦᠷ ᠨᠠᠮᠳᠠᠪᠠ

2017-07-31 16:50

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠᠨ ᠡᠴᠡ ᠤᠶᠢᠯᠠᠭᠠᠭᠰᠠᠨ ᠢᠶᠡᠷ᠂ 7 ᠰᠠᠷ᠎ᠠ ᠶᠢᠨ ᠡᠬᠢᠨ ᠳᠤ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠢᠶᠡᠷ ᠦᠷᠭᠦᠯᠵᠢᠯᠡᠵᠤ ᠪᠠᠶᠢᠭᠰᠠᠨ ᠠᠭᠠᠬᠢᠮ᠎ᠠ ᠬᠠᠯᠠᠭᠤᠨ ᠭᠠᠩ ᠬᠠᠭᠤᠷᠠᠢ ᠴᠠᠭ ᠠᠭᠠᠷ ᠶᠡᠬᠡᠩᠬᠢ ᠪᠦᠰᠡ ᠨᠤᠲᠤᠭ ᠲᠤ ᠤᠷᠤᠭᠰᠠᠨ ᠪᠤᠷᠤᠭᠠᠨ ᠢᠶᠡᠷ ᠲᠦᠷ ᠨᠠᠮᠳᠠᠵᠤ ᠰᠠᠷᠢᠭᠦᠬᠡᠨ ᠪᠤᠯᠵᠠᠢ᠃

    29 ᠡᠴᠡ 31 ᠤ ᠡᠳᠦᠷ ᠪᠤᠯᠲᠠᠯ᠎ᠠ᠂ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠲᠤ ᠪᠠᠭ᠎ᠠ ᠡᠴᠡ ᠳᠤᠮᠳᠠ ᠵᠡᠷᠭᠡ ᠶᠢᠨ ᠪᠤᠷᠤᠭᠠᠨ ᠤᠷᠤᠭᠰᠠᠨ ᠢᠶᠡᠷ ᠠᠶᠤᠩᠭᠠᠲᠤ ᠪᠤᠷᠤᠭᠠᠨ᠂ ᠶᠡᠬᠡ ᠰᠠᠯᠬᠢ ᠵᠡᠷᠭᠡ ᠰᠤᠯᠢᠭ ᠤᠷᠤᠰᠬᠠᠯᠳᠦ ᠴᠠᠭ ᠠᠭᠠᠷ ᠳᠠᠭᠠᠯᠳᠤᠵᠤ ᠢᠯᠡᠷᠡᠪᠡ᠃ ᠦᠪᠦᠷ ᠮᠣᠩᠭᠣᠯ ᠤᠨ ᠴᠠᠭ ᠠᠭᠤᠷ ᠤᠨ ᠰᠠᠯᠠᠭ᠎ᠠ ᠮᠦᠴᠢᠷ ᠤᠨ ᠳᠠᠭᠠᠭᠤᠯᠢ ᠤᠳᠤᠨ ᠤ ᠬᠢᠨᠡᠨ ᠬᠡᠮᠵᠢᠯᠲᠠ ᠶᠢᠨ ᠮᠠᠲ᠋ᠧᠷᠢᠶᠠᠯ ᠳᠤ ᠢᠯᠡᠷᠡᠭᠰᠡᠨ ᠢᠶᠡᠷ᠂ ᠦᠨᠦ ᠵᠢᠯ ᠤᠨ 7 ᠰᠠᠷ᠎ᠠ ᠶᠢᠨ ᠳᠤᠮᠳᠠᠴᠢ ᠪᠤᠯᠳᠠᠯᠠᠬᠢ ᠤᠷᠤᠨ ᠳᠠᠶᠠᠭᠠᠷ ᠤᠨ ᠡᠪᠡᠰᠦ ᠪᠡᠯᠴᠢᠬᠡᠷ 26.59% ᠶᠢᠨ ᠪᠦᠰᠡ ᠨᠤᠲᠤᠭ ᠲᠤ ᠤᠷᠭᠤᠴᠠ ᠰᠠᠶᠢᠳᠠᠢ᠂ ᠡᠨᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠰᠠᠶᠢᠨ᠂ 32.95% ᠶᠢᠨ ᠪᠦᠰᠡ ᠨᠤᠲᠤᠭ ᠤᠨ ᠤᠷᠭᠤᠴᠠ ᠨᠢᠳᠤᠨᠤᠨ ᠤ ᠬᠢ ᠲᠡᠢ ᠠᠳᠠᠯᠢ᠂ 39.84% ᠶᠢᠨ ᠪᠦᠰᠡ ᠨᠤᠲᠤᠭ ᠤᠨ ᠤᠷᠭᠤᠴᠠ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ ᠠᠨᠠᠢ ᠪᠠᠶᠢᠨ᠎ᠠ᠃

ᠢᠷᠡᠯᠳᠡ᠄ ᠥᠪᠦᠷ ᠮᠣᠩᠭᠤᠯ ᠤᠨ ᠡᠳᠦᠷ  ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121409303