蒙古文网站Logo
ᠰᠢᠨᠬᠤᠸᠠ ᠮᠤᠩᠭ᠋ᠤᠯ ᠨᠧᠲ

ᠦᠬᠠᠢ ᠬᠤᠳᠠ《ᠳᠤᠮᠳᠠᠳᠤ ᠶᠢᠨ ᠰᠢᠳᠢᠳᠤ ᠬᠤᠳᠠ》 ᠶᠢᠨ ᠠᠩᠬᠠᠨ ᠤ ᠰᠢᠯᠭᠠᠷᠠᠭᠤᠯᠤᠯᠳᠠ ᠳᠤ ᠦᠷᠢᠰᠦᠯᠳᠦᠵᠤ ᠪᠤᠢ

2017-08-03 17:32

    ᠤᠶᠢᠷ᠎ᠠ ᠶᠢᠨ ᠡᠳᠦᠷ᠂ ᠦᠬᠠᠢ ᠬᠤᠳᠠ ᠨᠢ《ᠳᠤᠮᠳᠠᠳᠤ ᠶᠢᠨ ᠰᠢᠳᠢᠳᠤ ᠬᠤᠳᠠ》 ᠶᠢᠨ ᠠᠩᠬᠠᠨ ᠤ ᠰᠢᠯᠭᠠᠷᠠᠭᠤᠯᠤᠯᠳᠠ ᠳᠤ ᠦᠷᠢᠰᠦᠯᠳᠦᠵᠤ ᠡᠬᠢᠯᠡᠵᠡᠢ᠃ ᠡᠨᠡ ᠨᠢ ᠳᠦᠪ ᠤᠨ ᠲᠧᠯᠧᠶ᠋ᠰ ᠬᠤᠷᠢᠶ᠎ᠠ ᠡᠴᠡ ᠵᠤᠬᠢᠶᠠᠨ ᠪᠠᠶᠢᠭᠤᠯᠵᠤ ᠪᠠᠶᠢᠭ᠎ᠠ ᠬᠤᠳᠠ ᠶᠢᠨ ᠰᠤᠶᠤᠯ ᠵᠢᠭᠤᠯᠴᠢᠯᠠᠯ ᠤᠨ ᠳᠤᠮᠤᠬᠠᠨ ᠠᠵᠢᠯᠯᠠᠭ᠎ᠠ ᠪᠤᠯᠬᠤ ᠶᠤᠮ᠃

    ᠦᠬᠠᠢ ᠬᠤᠳᠠ ᠨᠢ ᠰᠡᠬᠦᠯ ᠤᠨ 40 ᠵᠢᠯ ᠳᠤ ᠡᠳ᠋ ᠤᠨ ᠵᠠᠰᠠᠭ ᠬᠢᠬᠡᠳ ᠬᠤᠳᠠ ᠶᠢᠨ ᠵᠠᠭᠪᠤᠷ ᠤᠨ ᠦᠬᠡᠷᠡᠴᠢᠯᠡᠯᠳᠡ ᠪᠡᠨ ᠳᠦᠷᠬᠡᠳᠬᠡᠨ ᠮᠠᠰᠢ ᠶᠡᠬᠡ ᠬᠦᠭᠵᠢᠵᠤ᠂ ᠦᠪᠡᠷᠳᠡᠬᠡᠨ ᠵᠠᠰᠠᠬᠤ ᠤᠷᠤᠨ ᠤ ᠪᠠᠷᠠᠭᠤᠨ ᠪᠦᠰᠡ ᠶᠢᠨ ᠳᠦᠪ ᠬᠤᠳᠠ᠂ ᠪᠦᠰᠡ ᠨᠤᠳᠤᠭ ᠤᠨ ᠡᠳ᠋ ᠤᠨ ᠵᠠᠰᠠᠭ ᠨᠡᠶᠢᠬᠡᠮ ᠤᠨ ᠳᠤᠭᠳᠠᠪᠤᠷᠢᠳᠠᠢ ᠡᠷᠡᠬᠦᠯ ᠬᠦᠭᠵᠢᠯᠳᠡ ᠶᠢᠨ ᠭᠤᠭᠴᠤᠭ᠎ᠠ ᠪᠤᠯᠵᠤ ᠪᠤᠢ᠃ ᠡᠨᠡᠬᠦ ᠠᠵᠢᠯᠯᠠᠭ᠎ᠠ ᠪᠡᠷ ᠤᠯᠤᠰ ᠲᠠᠶᠠᠭᠠᠷ ᠤᠨ ᠬᠡᠮᠵᠢᠶᠡᠨ ᠡᠴᠡ ᠦᠪᠡᠷᠮᠢᠴᠡ ᠤᠨᠴᠠᠯᠢᠭ ᠲᠠᠢ᠂ ᠠᠮᠢᠵᠢᠷᠠᠯ ᠤᠨ ᠬᠦᠴᠦᠨ ᠲᠠᠢ ᠬᠡᠮᠡᠭᠳᠡᠭᠰᠡᠨ 32 ᠬᠤᠲᠠ ᠶᠢ ᠰᠢᠯᠭᠠᠷᠠᠭᠤᠯᠤᠨ᠎ᠠ᠃ ᠳᠡᠬᠡᠬᠦ ᠳ᠋ᠡᠬᠡᠨ ᠢᠨᠲ᠋ᠧᠷᠨᠧᠲ ᠢᠶᠡᠷ ᠰᠠᠨᠠᠯ ᠠᠰᠠᠭᠤᠯᠭ᠎ᠠ ᠬᠢᠬᠦ ᠠᠷᠭ᠎ᠠ ᠪᠡᠷ ᠶᠠᠪᠤᠭᠳᠠᠭᠤᠯᠤᠨ᠎ᠠ᠃

    ᠰᠠᠨᠠᠯ ᠦᠭᠬᠦ ᠬᠦᠮᠦᠰ http://www.nmg.xinhuanet.com/xwzx/xxfb/2017-08/03/c_1121426472.htm  ᠬᠡᠮᠡᠬᠦ ᠨᠧᠲ ᠬᠠᠶ᠊ᠢᠭ ᠢᠶᠡᠷ ᠬᠤᠯᠪᠤᠭᠳᠠᠵᠤ᠂ ᠦᠬᠠᠢ ᠬᠤᠳᠠ ᠶᠢ ᠬᠠᠶᠢᠵᠤ ᠤᠯᠤᠭᠠᠳ《ᠰᠠᠨᠠᠯ ᠠᠰᠠᠭᠤᠯᠭ᠎ᠠ》 ᠬᠡᠮᠡᠬᠦ ᠳᠤᠪᠴᠢ ᠶᠢ ᠳᠠᠷᠤᠵᠤ ᠤᠳᠠᠰᠤᠨ ᠳ᠋ᠤᠭᠠᠷ ᠢᠶᠡᠷ ᠢᠶᠡᠨ ᠳᠠᠩᠰᠠᠯᠠᠭᠤᠯᠤᠨ ᠰᠠᠨᠠᠯ ᠢᠶᠡᠨ ᠦᠭᠬᠦᠨ᠎ᠡ᠃ ᠡᠴᠤᠰ ᠲᠤ ᠨᠢ ᠱᠠᠩᠨᠠᠯᠳᠤ ᠰᠤᠭᠤᠯᠤᠭ᠎ᠠ ᠲᠠᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121427733