蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠭᠠᠳᠠᠭᠠᠲᠤ ᠶᠢᠨ 400 ᠭᠠᠷᠤᠢ ᠠᠵᠤ ᠠᠬᠤᠶᠢᠯᠠᠯ ᠤᠯᠠᠭᠠᠨᠬᠠᠲᠠ ᠶᠢᠨ ᠲᠠᠷᠢᠶᠠᠯᠠᠩ ᠤᠨ ᠶᠠᠭᠠᠷᠠᠮᠠᠭ ᠲᠤ ᠤᠷᠤᠯᠴᠠᠬᠤ ᠪᠡᠷ ᠪᠤᠢ

2017-08-16 16:45

    2017 ᠤᠨ ᠤ 21 ᠳᠤᠭᠠᠷ ᠬᠤᠭᠤᠴᠠᠭᠠᠨ ᠤ ᠦᠪᠦᠷ ᠮᠣᠩᠭᠣᠯ ᠤᠨ ᠤᠯᠠᠨ ᠤᠯᠤᠰ ᠤᠨ ᠲᠠᠷᠢᠶᠠᠯᠠᠩ ᠤᠨ ᠶᠠᠭᠠᠷᠠᠮᠠᠭ 8 ᠰᠠᠷ᠎ᠠ ᠶᠢᠨ 17 ᠡᠴᠡ 19 ᠤ ᠡᠳᠦᠷ ᠪᠤᠯᠲᠠᠯ᠎ᠠ ᠤᠯᠠᠭᠠᠨᠬᠠᠲᠠ ᠶᠢᠨ ᠤᠯᠠᠨ ᠤᠯᠤᠰ ᠤᠨ ᠦᠵᠡᠰᠭᠦᠯᠡᠩ ᠤᠨ ᠲᠦᠪ ᠲᠤ ᠶᠠᠪᠤᠭᠳᠠᠨ᠎ᠠ᠃ 8 ᠰᠠᠷ᠎ᠠ ᠶᠢᠨ 10 ᠤ ᠡᠳᠦᠷ᠂ ᠦᠪᠦᠷ ᠮᠣᠩᠭᠣᠯ ᠤᠨ ᠤᠯᠠᠨ ᠤᠯᠤᠰ ᠤᠨ ᠲᠠᠷᠢᠶᠠᠯᠠᠩ ᠤᠨ ᠶᠠᠭᠠᠷᠠᠮᠠᠭ ᠤᠨ ᠵᠤᠬᠢᠶᠠᠨ ᠪᠠᠶᠢᠭᠤᠯᠬᠤ ᠬᠡᠯᠲᠡᠰ ᠤᠨ ᠠᠵᠢᠯᠲᠠᠨ ᠸᠠᠩ ᠶᠠ ᠮᠢᠩ ᠲᠠᠨᠢᠯᠴᠠᠭᠤᠯᠤᠭᠰᠠᠨ ᠨᠢ᠂ ᠲᠤᠰ ᠤᠳᠠᠭᠠᠨ ᠤ ᠶᠠᠭᠠᠷᠠᠮᠠᠭ ᠤᠨ ᠦᠵᠡᠭᠦᠯᠬᠦ ᠲᠠᠯᠠᠪᠠᠢ ᠨᠢ 3 ᠲᠦᠮᠡᠨ ᠺᠦᠸᠠᠳ᠋ ᠮᠸᠲ᠋ᠷ᠂ ᠭᠤᠤᠯᠳᠠᠭᠤ ᠲᠠᠷᠢᠶᠠᠯᠠᠩ ᠤᠨ ᠬᠦᠷᠦᠩᠬᠡ᠂ ᠤᠰᠤ ᠭᠡᠮᠨᠡᠬᠦ ᠤᠰᠤᠯᠠᠯᠲᠠ᠂ ᠴᠢᠬᠢ ᠮᠤᠲᠤ ᠴᠡᠴᠡᠭ ᠡᠪᠡᠰᠤ᠂ ᠤᠭᠳᠠᠷᠭᠤᠢ ᠡᠴᠡ ᠤᠷᠭᠤᠮᠠᠯ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠲᠤᠨᠤᠭ ᠲᠦᠬᠦᠭᠡᠷᠦᠮᠵᠢ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠪᠤᠯᠤᠨ ᠮᠦᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠳᠤᠯᠤᠭᠠᠨ ᠲᠤᠮᠤ ᠰᠠᠯᠪᠤᠷᠢ ᠶᠢ ᠬᠠᠮᠤᠷᠴᠤ᠂ ᠠᠮᠸᠷᠢᠺᠡ᠂ ᠭ᠍ᠸᠷᠮᠠᠨ᠂ ᠢᠰᠷᠸᠯ᠂ ᠹᠷᠠᠨᠼᠢ᠂ ᠠᠩᠭ᠍ᠯᠢ ᠵᠡᠷᠭᠡ 11 ᠤᠯᠤᠰ ᠪᠤᠯᠤᠨ ᠤᠯᠤᠰ ᠤᠨ ᠲᠤᠳᠤᠭᠠᠲᠤ ᠶᠢᠨ 20 ᠭᠠᠷᠤᠢ ᠮᠤᠵᠢ ᠤᠷᠤᠨ ᠬᠤᠲᠠ ᠶᠢᠨ 400 ᠭᠠᠷᠤᠢ ᠲᠠᠷᠢᠶᠠᠯᠠᠩ ᠲᠠᠢ ᠬᠤᠯᠪᠤᠭᠳᠠᠭᠰᠠᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠠ ᠦᠵᠡᠰᠭᠦᠯᠡᠩ ᠳᠤ ᠤᠷᠤᠯᠴᠠᠨ᠎ᠠ᠂ ᠡᠭᠦᠨ ᠳᠤ᠂ 105 ᠲᠡᠭᠡᠲᠤ ᠰᠢᠨ᠎ᠠ ᠮᠡᠷᠭᠡᠵᠢᠯ ᠤᠨ ᠪᠦᠲᠦᠭᠡᠭ᠍ᠲᠡᠭᠦᠨ ᠲᠠᠢ ᠠᠵᠤ ᠠᠬᠤᠶᠢᠯᠠᠯ᠂ 403 ᠲᠤᠰᠬᠠᠢ ᠠᠰᠢᠭ ᠤᠨ ᠮᠡᠷᠭᠡᠵᠢᠯ ᠤᠨ ᠪᠦᠲᠦᠭᠡᠭ᠍ᠲᠡᠭᠦᠨ ᠢ ᠳᠡᠯᠭᠡᠨ ᠦᠵᠡᠭᠦᠯᠦᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121493707