蒙古文网站Logo
ᠰᠢᠨᠬᠤᠸᠠ ᠮᠤᠩᠭ᠋ᠤᠯ ᠨᠧᠲ

ᠳᠡᠭᠡᠷ᠎ᠡ ᠬᠠᠭᠠᠰ ᠵᠢᠯ ᠳᠤ ᠤᠷᠤᠨ ᠳᠠᠶᠠᠭᠠᠷ ᠤᠨ ᠠᠳᠠᠯ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢᠯᠡᠳᠲᠡ ᠳᠤᠪᠤᠶᠢᠭᠰᠠᠨ ᠪᠠᠶᠢᠨ᠎ᠠ

2017-08-17 09:59

    ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠦᠷ ᠮᠣᠩᠭ᠋ᠤᠯ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠪᠡᠷ ᠳᠠᠩᠰᠠᠯᠠᠭᠤᠯᠤᠭᠰᠠᠨ ᠡᠷᠦᠬᠡ ᠶᠢᠨ ᠲᠤᠭ᠎ᠠ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠶᠡᠷᠦᠩᠬᠡᠶ ᠲᠣᠭᠠᠨ ᠤ 93.58% ᠶᠢ ᠡᠵᠡᠯᠡᠵᠦ᠂ ᠳᠠᠩᠰᠠᠯᠠᠭᠤᠯᠤᠭᠰᠠᠨ ᠬᠦᠷᠦᠩᠭᠡ (ᠮᠥᠩᠭᠦ) ᠨᠢ 56.31% ᠶᠢ ᠡᠵᠡᠯᠡᠭᠰᠡᠨ ᠪᠠᠶᠢᠨ᠎ᠠ; ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠢᠨ᠎ᠡ ᠪᠠᠷ ᠳᠠᠩᠰᠠᠯᠠᠭᠤᠯᠤᠭᠰᠠᠨ ᠡᠷᠦᠬᠡ ᠶᠢᠨ ᠲᠤᠭ᠎ᠠ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠪᠦᠬᠦ ᠲᠤᠭᠠᠨ ᠤ 76.7% ᠶᠢ ᠡᠵᠡᠯᠡᠪᠡ᠃ ᠣᠳᠣ ᠪᠣᠯᠲᠠᠯ᠎ᠠ᠂ᠣᠷᠣᠨ ᠳᠠᠶᠠᠭᠠᠷ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠯᠠᠵᠤ ᠪᠠᠶᠢᠭ᠎ᠠ ᠬᠦᠮᠦᠨ 549.72 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠪᠡ᠃ ᠠᠳᠠᠯ ᠦᠢᠯᠡᠰ ᠪᠤᠰᠬᠠᠵᠦ ᠰᠢᠨ᠎ᠡ ᠶᠢ ᠡᠭᠦᠳᠬᠦ ᠬᠥᠮᠦᠰ ᠲᠥᠪᠯᠡᠷᠡᠭᠰᠡᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠬᠢᠭᠡᠳ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠦᠷᠭᠦᠯᠵᠢᠯᠡᠨ ᠨᠡᠮᠡᠭᠳᠡᠬᠦ ᠪᠠᠶᠢᠳᠠᠯ ᠲᠠᠢ᠃ 5.2 ᠲᠦᠮᠡᠨ ᠬᠦᠮᠦᠨ ᠪᠡᠯᠡ ᠤᠷᠤᠭᠤᠯᠤᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠠᠶᠢᠭᠤᠯᠤᠭᠰᠠᠨ ᠮᠦᠷᠲᠡᠬᠡᠨ 11.96 ᠲᠦᠮᠡᠨ ᠬᠦᠮᠦᠨ ᠳᠤ ᠠᠵᠢᠯ ᠤᠯᠭᠤᠪᠠ;29.89 ᠲᠦᠮᠡᠨ ᠬᠥᠮᠦᠨ ᠬᠤᠪᠢ ᠶᠢᠨ ᠡᠵᠡᠩᠨᠡᠯᠲᠡ ᠶᠢᠨ ᠬᠦᠷᠢᠶᠡᠨ ᠳᠤ ᠠᠵᠢᠯ ᠤᠯᠵᠤ᠂ ᠠᠵᠢᠯ ᠣᠯᠭᠤᠬᠤ ᠳᠠᠷᠤᠯᠲᠠ ᠶᠢ ᠪᠦᠲᠦᠮᠵᠢᠲᠡᠶ ᠪᠠᠷ ᠨᠠᠮᠳᠠᠭᠤᠯᠵᠡᠢ᠃

ᠢᠷᠡᠯᠳᠡ᠄ ᠥᠪᠥᠷ ᠮᠣᠩ᠋ᠭᠤᠯ ᠤᠨ ᠵᠠᠰᠠᠭ ᠤᠨ ᠣᠷᠳᠣᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121497416