蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠬᠥᠳᠡᠭᠡ ᠲᠣᠰᠬᠤᠨ ᠤ ᠡᠮᠴᠢ ᠶᠢ ᠵᠢᠯ ᠪᠦᠷᠢ 2000 ᠨᠡᠷᠡᠰ ᠬᠥᠮᠥᠵᠢᠭᠦᠯᠬᠦ ᠪᠠᠷ ᠪᠤᠢ

2017-08-17 16:32

    ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ《ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠬ ᠲᠦ ᠵᠤᠷᠢᠭᠤᠯᠤᠬᠰᠠᠨ 3 ᠵᠢᠯ ᠤᠨ ᠳᠦᠷᠢᠮᠲᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠪᠦᠬᠦᠢ ᠠᠨᠠᠭᠠᠬᠤ ᠤᠬᠠᠭᠠᠨ ᠤ ᠰᠤᠷᠤᠭᠴᠢᠳ ᠢ ᠬᠥᠮᠥᠵᠢᠭᠦᠯᠬᠦ ᠲᠣᠬᠠᠢ ᠬᠡᠷᠡᠭᠵᠢᠭᠦᠯᠬᠦ ᠲᠥᠰᠦᠯ》 ᠢ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭ᠋ᠠᠳᠬᠠᠬᠤ ᠶᠢᠨ ᠲᠤᠰᠠᠳᠠ᠂ ᠥᠪᠥᠷ ᠮᠣᠩᠭ᠋ᠤᠯ ᠦᠨᠦ ᠵᠢᠯ ᠠᠴᠠ ᠡᠬᠢᠯᠡᠨ᠂ ᠵᠢᠯ ᠪᠦᠷᠢ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠵᠤᠷᠢᠭᠤᠯᠤᠨ 3 ᠵᠢᠯ ᠤᠨ ᠳᠦᠷᠢᠮᠲᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ 2000 ᠠᠨᠠᠭᠠᠬᠤ ᠤᠬᠠᠭᠠᠨ ᠤ ᠰᠤᠷᠤᠭᠴᠢ ᠡᠯᠰᠡᠵᠦ᠂ 2020 ᠣᠨ ᠪᠣᠯᠬᠤ ᠳᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠡᠢ 8000~10000 ᠠᠨᠠᠭᠠᠬᠤ ᠤᠬᠠᠭᠠᠨ ᠤ ᠰᠤᠷᠤᠭᠴᠢ ᠡᠯᠰᠡᠬᠦ ᠪᠠᠷ ᠲᠥᠯᠥᠪᠯᠡᠪᠡ᠃ ᠲᠤᠰ ᠠᠷᠭ᠎ᠠ ᠬᠡᠮᠵᠢᠶ᠎ᠡ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠦᠨ᠂ ᠡᠮ ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠮᠴᠢ ᠳᠤᠲᠠᠭᠳᠠᠵᠤ ᠪᠠᠶᠢᠬᠤ ᠪᠠ ᠵᠠᠯᠭᠠᠮᠵᠢᠯᠠᠬᠴᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠴᠠᠭ᠎ᠠ ᠲᠣᠰᠬᠤᠨ ᠤ ᠡᠮᠴᠢᠯᠡᠭᠡᠨ ᠤ ᠮᠡᠷᠭᠡᠵᠢᠯ ᠤᠨ ᠠᠵᠢᠯᠲᠠᠳ ᠢ 《ᠦᠯᠡᠳᠡᠭᠡᠵᠦ ᠳᠡᠶᠢᠯᠬᠦ᠂ ᠬᠡᠷᠡᠭᠯᠡᠵᠦ ᠲᠡᠢᠢᠯᠬᠦ᠂ ᠨᠠᠶᠢᠳᠠᠪᠤᠷᠢᠲᠠᠶ ᠪᠠᠶᠢᠯᠭᠠᠬᠤ》 ᠵᠣᠷᠢᠯᠭ᠎ᠠ ᠳᠤ ᠬᠦᠷᠭᠡᠨ᠎ᠠ᠃

    ᠭᠤᠣᠯᠳᠠᠭᠤ ᠲᠤᠰ ᠬᠤᠭᠤᠴᠠᠭᠠᠨ ᠤ᠂ ᠥᠩᠭᠡᠷᠡᠭᠰᠡᠨ ᠬᠤᠭᠤᠴᠠᠭᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭ᠍ᠰᠢᠬᠢ (ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠᠭᠲᠠᠨ᠎ᠠ) ᠰᠤᠷᠤᠯᠭ᠎ᠠ ᠶᠢᠨ ᠨᠠᠮᠲᠠᠷ ᠲᠠᠢ ᠰᠤᠷᠤᠭᠴᠢᠳ ᠢ ᠡᠯᠰᠡᠨ᠎ᠡ ; ᠨᠠᠰᠤ ᠶᠢ ᠨᠢ ᠪᠦᠬᠦᠯᠢ 30 ᠨᠠᠰᠤ ᠠᠴᠠ ᠳᠣᠷᠣᠭᠰᠢ (ᠪᠦᠬᠦᠯᠢ 30 ᠨᠠᠰᠤ ᠪᠠᠭᠲᠠᠨ᠎ᠠ) ᠳᠤ ᠬᠢᠵᠠᠭᠠᠷᠯᠠᠨ᠎ᠠ; ᠬᠥᠳᠡᠭᠡ ᠲᠣᠰᠬᠤᠨ ᠤ ᠡᠮᠴᠢ ᠶᠢᠨ ᠠᠵᠢᠯ ᠬᠢᠬᠦ ᠬᠦᠰᠡᠯ ᠲᠠᠢ ᠮᠥᠷᠲᠡᠭᠡᠨ ᠰᠤᠷᠤᠯᠭ᠎ᠠ ᠪᠠᠨ ᠠᠮᠵᠢᠯᠲᠠ ᠲᠠᠢ ᠲᠡᠭᠦᠰᠭᠡᠵᠦ ᠴᠢᠳᠠᠬᠰᠠᠳ᠃ ᠶᠠᠳᠠᠭᠤ ᠬᠦᠴᠢᠷᠳᠡᠯ ᠲᠠᠢ ᠬᠢᠯᠢ ᠬᠢᠵᠠᠭᠠᠷ ᠣᠷᠣᠨ᠂ ᠴᠥᠭᠡᠨ ᠲᠣᠭᠠᠲᠤ ᠦᠨᠳᠦᠰᠦᠲᠡᠨ ᠲᠥᠪᠯᠡᠷᠡᠭᠰᠡᠨ ᠭᠠᠵᠠᠷ ᠣᠷᠣᠨ ᠵᠢᠴᠢ ᠮᠣᠩᠭ᠋ᠤᠯ ᠡᠮᠨᠡᠯᠭᠡ᠂ ᠬᠢᠲᠠᠳ ᠡᠮᠨᠡᠯᠭᠡ ᠶᠢ ᠤᠯᠠᠮᠵᠢᠯᠠᠨ ᠵᠠᠯᠭᠠᠮᠵᠢᠯᠠᠭᠰᠠᠳ ᠲᠤ ᠪᠤᠯ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠡᠯᠰᠡᠭᠳᠡᠭᠰᠡᠳ ᠤᠨ ᠰᠤᠷᠤᠯᠭ᠎ᠠ ᠶᠢᠨ ᠨᠠᠮᠲᠠᠷ ᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠬᠦᠷᠳᠡᠯ᠎ᠡ ᠥᠷᠭᠡᠳᠬᠡᠵᠦ ᠪᠣᠯᠣᠨ᠎ᠠ᠃

    ᠬᠢᠨᠠᠨ ᠪᠠᠢᠢᠴᠠᠭᠠᠯᠳᠠ ᠶᠢ ᠦᠡᠭ᠍ᠭᠡᠷᠡᠭᠡᠵᠦ ᠵᠢᠩᠬᠢᠨᠢ ᠪᠠᠷ ᠡᠯᠰᠡᠭᠳᠡᠭᠰᠡᠨ ᠰᠤᠷᠤᠭᠴᠢᠳ ᠢ ᠡᠯ᠎ᠡ ᠬᠥᠮᠥᠵᠢᠭᠦᠯᠬᠦ ᠶᠡᠭᠡ ᠳᠡᠭᠡᠳᠦ ᠰᠤᠷᠭᠠᠭᠤᠯᠢ ᠨᠤᠭᠤᠳ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠤᠷᠭᠠᠭᠤᠯᠢ ᠶᠢᠨ ᠬᠠᠷᠢᠶ᠎ᠠ ᠶᠢ ᠨᠢ ᠨᠢᠭᠡᠳᠦᠯᠲᠡᠢ ᠳᠠᠩᠰᠠᠯᠠᠨ᠎ᠠ᠃ ᠰᠤᠷᠤᠭᠴᠢᠳ ᠵᠢᠭᠠᠨ ᠰᠤᠷᠭᠠᠬᠤ ᠲᠥᠯᠥᠪᠯᠡᠭᠡ ᠶᠣᠰᠣᠭᠠᠷ ᠡᠯ᠎ᠡ ᠲᠦᠷᠤᠯ ᠤᠨ ᠬᠢᠴᠢᠶᠡᠯ ᠢ ᠰᠤᠷᠤᠯᠴᠠᠵᠤ᠂ ᠰᠢᠯᠭᠠᠯᠲᠠ ᠪᠠ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠲᠣᠬᠠᠢ ᠶᠢᠨ ᠶᠡᠭᠡ ᠳᠡᠭᠡᠳᠦ ᠰᠤᠷᠭᠠᠭᠤᠯᠢ ᠨᠢ ᠰᠤᠷᠭᠠᠨ ᠬᠥᠮᠦᠵᠢᠯ ᠤᠨ ᠲᠢᠩᠬᠢᠮ ᠠᠴᠠ ᠨᠢᠭᠡᠳᠦᠯᠲᠡᠶ ᠳᠠᠷᠤᠮᠠᠯᠯᠠᠭᠰᠠᠨ ᠡᠩ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠨ᠎ᠠ᠃ ᠰᠤᠷᠤᠯᠭ᠎ᠠ ᠲᠡᠭᠦᠰᠦᠭᠰᠡᠨ ᠦᠨᠡᠮᠯᠡᠯ ᠣᠯᠤᠭᠰᠠᠨ ᠰᠤᠷᠤᠭᠴᠢᠳ 《ᠡᠮᠴᠢ ᠶᠢᠨ ᠠᠵᠢᠯ ᠤᠨ ᠬᠠᠤᠯᠢ》 ᠪᠠᠷ᠂ ᠠᠵᠢᠯ ᠡᠷᠭᠢᠯᠡᠬᠦ(ᠲᠤᠰᠠᠯᠠᠭᠴᠢ) ᠡᠮᠴᠢ ᠶᠢᠨ ᠰᠢᠯᠭᠠᠯᠲᠠ ᠶᠢᠨ ᠬᠢᠷᠢ ᠬᠡᠮ ᠲᠠᠢ ᠪᠣᠯᠣᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121499886