蒙古文网站Logo
ᠰᠢᠨᠬᠤᠸᠠ ᠮᠤᠩᠭ᠋ᠤᠯ ᠨᠧᠲ

ᠥᠪᠦᠷ ᠮᠣᠩ᠋ᠭᠤᠯ ᠤᠨ ᠲᠡᠤᠬᠡᠨ ᠳ᠋ᠡᠬᠢ ᠭᠡᠪᠴᠢᠶ᠎ᠠ ᠪᠡᠷ ᠬᠠᠮᠤᠭ ᠤᠨ ᠶᠡᠬᠡ ᠪᠣᠬᠢᠷᠳᠤᠯ ᠦᠬᠡᠢ ᠢᠳᠡᠭᠡᠨ ᠤ ᠶᠠᠭᠠᠷᠠᠮᠠᠭ ᠨᠡᠬᠡᠬᠡᠯᠲᠠ ᠪᠡᠨ ᠬᠢᠯ᠎ᠠ

2017-08-18 17:37

    18 ᠤ ᠡᠳᠦᠷ᠂ ᠳᠤᠮᠳᠠᠳᠤ ᠤᠯᠤᠰ ᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠪᠣᠬᠢᠷᠳᠤᠯ ᠦᠬᠡᠢ ᠢᠳᠡᠭᠡᠨ ᠤ ᠶᠠᠭᠠᠷᠠᠮᠭ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ﹒ᠥᠪᠦᠷ ᠮᠣᠩ᠋ᠭᠤᠯ ᠤᠨ ᠪᠣᠬᠢᠷᠳᠤᠯ ᠦᠬᠡᠢ ᠬᠦᠳᠡᠬᠡ ᠠᠵᠤ ᠠᠬᠤᠢ ᠶᠢᠨ ᠪᠦᠲᠦᠬᠡᠭ᠍ᠳᠡᠬᠦᠨ ᠤ ᠶᠠᠭᠠᠷᠠᠮᠭ ᠵᠢᠴᠢ ᠳᠦᠷᠪᠡᠳᠤᠬᠡᠷ ᠬᠤᠭᠤᠴᠠᠭᠠᠨ ᠤ ᠳᠤᠮᠳᠠᠳᠤ ᠤᠯᠤᠰ﹒ᠪᠤᠭᠤᠲᠤ ᠶᠢᠨ ᠤᠯᠠᠨ ᠤᠯᠤᠰ ᠤᠨ ᠦᠬᠡᠷ ᠬᠤᠨᠢᠨ ᠤ ᠮᠢᠬᠠᠨ ᠤ ᠠᠵᠤ ᠥᠢᠯᠡᠳᠪᠤᠷᠢ ᠶᠢᠨ ᠴᠤᠭᠯᠠᠭᠠᠨ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠪᠤᠭᠤᠲᠤ ᠬᠤᠲᠠ ᠳᠤ ᠨᠡᠬᠡᠬᠡᠯᠲᠠ ᠪᠡᠨ ᠬᠢᠪᠡ᠃

    ᠰᠤᠷᠪᠤᠯᠵᠢᠯᠠᠬᠴᠢ ᠶᠢᠨ ᠥᠢᠯᠡᠭᠠᠬᠰᠠᠨ ᠢᠶᠡᠷ᠂ ᠲᠤᠰ ᠤᠳᠠᠭᠠᠨ ᠤ ᠴᠤᠭᠯᠠᠭᠠᠨ ᠳᠤ ᠥᠪᠦᠷ ᠮᠣᠩ᠋ᠭᠤᠯ ᠪᠤᠯᠤᠨ ᠤᠯᠤᠰ ᠳᠠᠶᠠᠭᠠᠷ ᠤᠨ ᠪᠣᠬᠢᠷᠳᠤᠯ ᠦᠬᠡᠢ ᠬᠦᠳᠡᠬᠡ ᠠᠵᠤ ᠠᠬᠤᠢ ᠶᠢᠨ ᠪᠦᠲᠦᠬᠡᠭ᠍ᠳᠡᠬᠦᠨ ᠤ 1700 ᠭᠠᠷᠤᠢ ᠠᠵᠤ ᠠᠬᠤᠶᠢᠯᠠᠯ ᠵᠢᠴᠢ ᠡᠯ᠎ᠠ ᠪᠦᠰᠡ ᠨᠤᠲᠤᠭ ᠤᠨ ᠦᠬᠡᠷ ᠬᠤᠨᠢᠨ ᠤ ᠮᠢᠬ᠎ᠠ ᠥᠢᠯᠡᠳᠪᠤᠷᠢᠯᠡᠵᠤ ᠪᠤᠯᠪᠠᠰᠤᠷᠠᠭᠤᠯᠬᠤ ᠠᠵᠤ ᠠᠬᠤᠶᠢᠯᠠᠯ ᠤᠷᠤᠯᠴᠠᠬᠰᠠᠨ ᠪᠦᠬᠡᠳ ᠤᠷᠤᠰ᠂ ᠹᠷᠠᠨᠼᠢ᠂ ᠫᠠᠺᠢᠰᠲ᠋ᠠᠨ᠂ ᠮᠠᠯᠠᠶᠢᠰᠢᠶ᠎ᠠ᠂ ᠺᠧᠨᠢᠶᠠ ᠵᠡᠷᠭᠡ ᠤᠯᠤᠰ ᠤᠨ 120 ᠭᠠᠳᠠᠭᠠᠲᠤ ᠶᠢᠨ ᠠᠵᠤ ᠠᠬᠤᠶᠢᠯᠠᠯ ᠤᠷᠤᠯᠴᠠᠵᠡᠢ᠃ (ᠵᠢᠷᠤᠭ ᠢ ᠤᠶᠠᠨ᠎ᠠ)

ᠢᠷᠡᠯᠳᠡ᠄ ᠳᠤᠮᠳᠠᠳᠤ ᠤᠯᠤᠰ ᠤᠨ ᠰᠣᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121506895