蒙古文网站Logo
ᠰᠢᠨᠬᠤᠸᠠ ᠮᠤᠩᠭ᠋ᠤᠯ ᠨᠧᠲ

ᠡᠨᠡ ᠭᠠᠷᠠᠭ ᠥᠪᠥᠷ ᠮᠣᠩᠭ᠋ᠤᠯ ᠤᠨ ᠶᠡᠬᠡᠩᠬᠢ ᠪᠦᠰᠡ ᠨᠤᠲᠤᠭ ᠲᠤ ᠬᠤᠷ᠎ᠠ ᠲᠤᠨᠳᠠᠰᠤ ᠪᠠᠭᠤᠨ᠎ᠠ

2017-08-22 16:44

    ᠥᠪᠥᠷ ᠮᠣᠩᠭ᠋ᠤᠯ ᠤᠨ ᠴᠠᠭ ᠠᠭᠤᠷ ᠤᠨ ᠲᠤᠪᠴᠢᠶ᠎ᠠ ᠶᠢᠨ ᠤᠷᠢᠳᠴᠢᠯᠠᠨ ᠲᠤᠭᠠᠴᠠᠭᠠᠯᠠᠭᠰᠠᠨ ᠢᠶᠡᠷ᠂ ᠡᠨᠡ ᠭᠠᠷᠠᠭ ᠲᠤ᠂ ᠦᠪᠦᠷ ᠮᠣᠩᠭᠣᠯ ᠤᠨ ᠶᠡᠭᠡᠩᠬᠢ ᠪᠦᠰᠡ ᠨᠤᠲᠤᠭ ᠲᠤ ᠬᠤᠷ᠎ᠠ ᠲᠤᠨᠳᠠᠰᠤ ᠪᠠᠭᠤᠵᠤ᠂ ᠳᠤᠮᠳᠠ ᠬᠡᠰᠡᠭ ᠤᠨ ᠡᠮᠦᠨᠡᠬᠢ ᠪᠦᠰᠡ ᠨᠤᠲᠤᠭ ᠲᠤ ᠨᠡᠯᠢᠶᠡᠳ ᠶᠡᠭᠡ ᠪᠤᠷᠤᠭᠠᠨ ᠤᠷᠤᠬᠤ ᠪᠦᠭᠡᠳ ᠴᠢᠩᠭ᠋᠎ᠠ ᠰᠣᠯᠢᠭ ᠤᠷᠤᠰᠬᠠᠯᠲᠤ ᠠᠭᠤᠷ ᠠᠮᠢᠰᠬᠤᠯ ᠳᠠᠭᠠᠯᠳᠤᠨ᠎ᠠ᠂ ᠤᠷᠤᠨ ᠳᠠᠶᠠᠭᠠᠷ ᠤᠨ ᠠᠭᠠᠬᠢᠮ᠎ᠠ ᠬᠠᠯᠠᠭᠤᠨ ᠴᠠᠭ ᠠᠭᠠᠷ ᠡᠭᠦᠨ ᠢ ᠳᠠᠭᠠᠯᠳᠤᠨ ᠪᠠᠭᠤᠷᠠᠬᠤ ᠪᠤᠶᠤ ᠳᠠᠭᠤᠰᠴᠤ᠂ 8 ᠰᠠᠷ᠎ᠠ ᠶᠢᠨ 21 - 26 ᠤ ᠡᠳᠦᠷ ᠪᠤᠯᠲᠠᠯ᠎ᠠ ᠬᠡᠰᠡᠭ ᠪᠦᠰᠡ ᠨᠤᠲᠤᠭ ᠤᠨ ᠳᠤᠯᠠᠭᠠᠨ ᠤ ᠬᠡᠮᠵᠢᠶ᠎ᠡ 10 ℃ ᠠᠴᠠ ᠳᠣᠷᠣᠭᠰᠢ ᠪᠠᠭᠤᠷᠠᠨ᠎ᠠ᠃

    ᠤᠷᠢᠳᠴᠢᠯᠠᠨ ᠲᠤᠭᠠᠴᠠᠭᠠᠯᠠᠭᠰᠠᠨ ᠢᠶᠡᠷ᠂ 20 ᠤ ᠡᠳᠦᠷ ᠡᠴᠡ 25 ᠤ ᠡᠳᠦᠷ ᠪᠤᠯᠲᠠᠯ᠎ᠠ᠂ ᠤᠷᠤᠨ ᠳᠠᠶᠠᠭᠠᠷ ᠤᠨ ᠶᠡᠬᠡᠩᠬᠢ ᠪᠦᠰᠡ ᠨᠤᠲᠤᠭ ᠲᠤ ᠬᠡᠰᠡᠭ ᠪᠤᠰᠠᠭ ᠠᠭᠠᠳᠠᠷ ᠪᠣᠷᠣᠭᠠᠨ ᠪᠤᠶᠤ ᠠᠶᠤᠩᠭ᠋ᠠᠲᠤ ᠪᠣᠷᠣᠭᠠᠨ ᠤᠷᠤᠨ᠎ᠠ᠂ ᠡᠭᠦᠨ ᠳᠤ᠂ ᠣᠷᠳᠣᠰ ᠬᠤᠲᠠ ᠶᠢᠨ ᠵᠡᠭᠦᠨ ᠬᠡᠰᠡᠭ᠂ ᠬᠥᠬᠡᠬᠤᠲᠠ ᠶᠢᠨ ᠳᠤᠮᠳᠠ ᠡᠮᠦᠨᠡᠲᠦ ᠬᠡᠰᠡᠭ᠂ ᠤᠯᠠᠭᠠᠨᠴᠠᠪ ᠬᠤᠲᠠ ᠶᠢᠨ ᠡᠮᠦᠨᠡᠲᠦ ᠬᠡᠰᠡᠭ ᠤᠨ ᠲᠤᠨᠳᠠᠰᠤᠨ ᠤ ᠬᠡᠮᠵᠢᠶ᠎ᠡ 50.0~99.9 ᠮᠢᠯᠢᠮᠧᠲ᠋ᠷ ᠲᠤ ᠬᠦᠷᠴᠤ᠂ ᠵᠠᠷᠢᠮ ᠪᠦᠰᠡ ᠨᠤᠲᠤᠭ ᠲᠤ 100.0 ᠮᠢᠯᠢᠮᠧᠲ᠋ᠷ  ᠢ ᠬᠡᠲᠦᠷᠡᠬᠦ ᠪᠤᠯᠤᠨ᠎ᠠ᠃

    ᠬᠤᠷ᠎ᠠ ᠲᠤᠨᠳᠠᠰᠤᠨ ᠤ ᠨᠥᠯᠥᠭᠡᠯᠡᠯ ᠢᠶᠡᠷ ᠥᠪᠥᠷ ᠮᠣᠩᠭ᠋ᠤᠯ ᠠᠭᠠᠵᠢᠮ ᠢᠶᠠᠷ ᠨᠠᠮᠤᠷ ᠤᠨ ᠰᠠᠷᠢᠭᠦᠬᠡᠨ ᠴᠠᠭ ᠤᠯᠠᠷᠢᠯ  ᠳᠤ ᠤᠷᠤᠨ᠎ᠠ᠂ ᠶᠡᠬᠡᠩᠬᠢ ᠪᠦᠰᠡ ᠨᠤᠲᠤᠭ ᠤᠨ ᠬᠠᠮᠤᠭ ᠤᠨ ᠥᠨᠳᠥᠷ ᠳᠤᠯᠠᠭᠠᠨ  28 ℃ ᠠᠴᠠ ᠳᠣᠷᠣᠭᠰᠢ ᠪᠤᠯᠵᠤ᠂ ᠬᠥᠯᠥᠨ ᠪᠤᠶᠢᠷ ᠮᠠᠨᠵᠤᠤᠷ ᠵᠡᠷᠭᠡ ᠪᠦᠰᠡ ᠨᠤᠲᠤᠭ ᠤᠨ ᠳᠤᠯᠠᠭᠠᠨ ᠤ ᠬᠡᠮᠵᠢᠶ᠎ᠡ 9 ℃ ᠣᠷᠴᠢᠮ ᠪᠤᠯᠵᠤ ᠪᠠᠭᠤᠷᠠᠬᠤ ᠶᠤᠮ ᠪᠠᠶᠢᠨ᠎ᠠ᠃

    ᠬᠤᠷ᠎ᠠ ᠪᠤᠷᠤᠭᠠᠨ ᠤᠷᠤᠬᠤ ᠶᠢᠨ ᠵᠡᠷᠭᠡᠴᠡᠪᠡᠷ᠂ ᠥᠪᠥᠷ ᠮᠣᠩᠭ᠋ᠤᠯ ᠤᠨ ᠳᠤᠮᠳᠠ ᠵᠡᠭᠦᠨ ᠬᠡᠰᠡᠭ ᠤᠨ ᠶᠡᠬᠡᠩᠬᠢ ᠪᠦᠰᠡ ᠨᠤᠲᠤᠭ ᠲᠤ ᠲᠦᠷ ᠵᠠᠭᠤᠷ᠎ᠠ ᠠᠭᠠᠳᠠᠷ ᠪᠣᠷᠣᠭᠠᠨ᠂ ᠠᠶᠤᠩᠭ᠋ᠠᠲᠤ ᠪᠣᠷᠣᠭᠠᠨ᠂ ᠶᠡᠭᠡ ᠰᠠᠯᠬᠢ ᠵᠡᠷᠭᠡ ᠴᠢᠩᠭ᠋᠎ᠠ ᠰᠣᠯᠢᠭ ᠤᠷᠤᠰᠬᠠᠯᠲᠤ ᠴᠠᠭ ᠠᠭᠠᠷ ᠢᠯᠡᠷᠡᠵᠤ᠂ ᠢᠯᠠᠩᠭ᠋ᠤᠶ᠎ᠠ ᠳᠤᠮᠳᠠ ᠬᠡᠰᠡᠭ ᠠᠴᠠ ᠡᠮᠦᠨᠡᠬᠢ ᠪᠦᠰᠡ ᠨᠤᠲᠤᠭ ᠲᠤ ᠢᠯᠡᠷᠬᠡᠶ ᠮᠡᠳᠡᠭᠳᠡᠨ᠎ᠡ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121524475