蒙古文网站Logo
ᠰᠢᠨᠬᠤᠸᠠ ᠮᠤᠩᠭ᠋ᠤᠯ ᠨᠧᠲ

ᠠᠩᠬᠠᠨ ᠤ ᠬᠦᠢᠳᠡᠨ ᠤᠷᠤᠰᠬᠠᠯ ᠦᠩᠭᠡᠷᠡᠵᠤ ᠠᠭᠠᠷ ᠤᠨ ᠳᠤᠯᠠᠭᠠᠨ ᠳᠡᠭᠡᠭ᠍ᠰᠢᠯᠡᠨ ᠬᠡᠪ ᠤᠨ ᠪᠠᠶᠢᠳᠠᠯ ᠳᠤ ᠤᠷᠤᠨ᠎ᠠ

2017-08-31 11:38

    8 ᠰᠠᠷ᠎ᠠ ᠶᠢᠨ 30 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠴᠠᠭ ᠠᠭᠤᠷ ᠤᠨ ᠲᠤᠪᠴᠢᠶᠠᠨ ᠡᠴᠡ ᠤᠶᠢᠯᠠᠭᠠᠭᠰᠠᠨ ᠢᠶᠡᠷ᠂ ᠦᠨᠦ ᠨᠡᠮᠤᠷ ᠤᠨ ᠠᠩᠬᠠᠨ ᠤ ᠬᠦᠢᠲᠡᠨ ᠤᠷᠤᠰᠬᠠᠯ ᠤᠨ ᠨᠦᠯᠦᠭᠡ ᠪᠡᠷ ᠦᠪᠦᠷ ᠮᠣᠩᠭᠣᠯ ᠤᠨ ᠳᠤᠮᠳᠠ ᠵᠡᠭᠦᠨ ᠪᠦᠰᠡ ᠶᠢᠨ ᠠᠭᠠᠷ ᠤᠨ ᠳᠤᠯᠠᠭᠠᠨ ᠶᠡᠬᠡᠪᠡᠷ ᠪᠠᠭᠤᠷᠠᠵᠠᠢ᠂ ᠬᠦᠢᠲᠡᠨ ᠬᠤᠶᠢᠯᠠᠷᠠᠭ᠎ᠠ ᠶᠢᠨ ᠵᠡᠭᠦᠨᠰᠢ ᠰᠢᠯᠵᠢᠬᠦ ᠶᠢ ᠳᠠᠭᠠᠯᠳᠤᠨ 31 ᠤ ᠡᠳᠦᠷ ᠤᠷᠤᠨ ᠳᠠᠶᠠᠭᠠᠷ ᠤᠨ ᠠᠭᠠᠷ ᠤᠨ ᠳᠤᠯᠠᠭᠠᠨ ᠳᠡᠭᠡᠭ᠍ᠰᠢᠯᠡᠵᠤ ᠬᠡᠪ ᠤᠨ ᠪᠠᠶᠢᠳᠠᠯ ᠳᠤ ᠪᠡᠨ ᠤᠷᠤᠬᠤ ᠶᠤᠮ ᠪᠠᠶᠢᠨ᠎ᠠ᠃

    ᠤᠶᠢᠯᠠᠭᠠᠭᠰᠠᠨ ᠢᠶᠡᠷ᠂ ᠦᠨᠦ ᠨᠡᠮᠤᠷ ᠤᠨ ᠠᠩᠬᠠᠨ ᠤ ᠬᠦᠢᠲᠡᠨ ᠤᠷᠤᠰᠬᠠᠯ ᠤᠨ ᠨᠦᠯᠦᠭᠡ ᠡᠴᠡ ᠪᠤᠯᠵᠤ ᠦᠪᠦᠷ ᠮᠣᠩᠭᠣᠯ ᠤᠨ ᠳᠤᠮᠳᠠ ᠵᠡᠭᠦᠨ ᠪᠦᠰᠡ ᠶᠢᠨ ᠠᠭᠠᠷ ᠤᠨ ᠳᠤᠯᠠᠭᠠᠨ 8-10℃ ᠪᠠᠭᠤᠷᠠᠵᠤ᠂ ᠬᠡᠰᠡᠭ ᠪᠦᠰᠡ ᠨᠤᠲᠤᠭ ᠢᠶᠡᠷ ᠴᠠᠰᠤ ᠤᠷᠤᠪᠠ᠃ 29 ᠡᠴᠡ 30 ᠤ ᠡᠳᠦᠷ ᠪᠤᠯᠲᠠᠯ᠎ᠠ ᠬᠢᠩᠭ᠋ᠠᠨ ᠠᠶᠢᠮᠠᠭ ᠤᠨ ᠷᠠᠰᠢᠶᠠᠨ᠂ ᠬᠦᠯᠦᠨ ᠪᠤᠶᠢᠷ ᠤᠨ ᠭᠡᠭᠡᠨ ᠭᠤᠤᠯ ᠬᠤᠲᠠ ᠵᠡᠷᠭᠡ ᠪᠦᠰᠡ ᠨᠤᠲᠤᠭ ᠢᠶᠡᠷ ᠨᠠᠮᠤᠷ ᠤᠨ ᠠᠩᠬᠠᠨ ᠤ ᠴᠠᠰᠤ ᠤᠷᠤᠵᠠᠢ᠃ 1952 ᠤᠨ ᠡᠴᠡ ᠡᠬᠢᠯᠡᠨ ᠴᠠᠭ ᠠᠭᠠᠷ ᠤᠨ ᠮᠠᠲ᠋ᠸᠷᠢᠶᠠᠯ ᠲᠠᠢ ᠪᠤᠯᠤᠭᠰᠠᠨ ᠡᠴᠡ ᠨᠠᠰᠢ ᠷᠠᠰᠢᠶᠠᠨ ᠬᠤᠲᠠ ᠳᠤ ᠠᠩᠬ᠎ᠠ ᠤᠳᠠᠭ᠎ᠠ 8 ᠰᠠᠷ᠎ᠠ ᠳᠤ ᠴᠠᠰᠤ ᠤᠷᠤᠵᠤ᠂ ᠡᠨᠡ ᠨᠢ 2016 ᠤᠨ ᠤ ᠨᠠᠮᠤᠷ ᠡᠴᠡ ᠶᠠᠬ 30 ᠡᠳᠦᠷ ᠡᠷᠲᠡ ᠪᠠᠶᠢᠯ᠎ᠠ᠃ ᠬᠦᠯᠦᠨ ᠪᠤᠶᠢᠷ ᠤᠨ ᠶᠡᠬᠡᠩᠬᠢ ᠪᠦᠰᠡ ᠨᠤᠲᠤᠭ ᠲᠤ ᠨᠠᠮᠤᠷ ᠤᠷᠤᠭᠰᠠᠨ ᠡᠴᠡ ᠨᠠᠰᠢᠬᠢ ᠬᠠᠮᠤᠭ ᠤᠨ ᠬᠦᠢᠲᠡᠨ ᠡᠳᠦᠷ ᠲᠤᠬᠢᠶᠠᠵᠤ᠂ ᠭᠡᠭᠡᠨ ᠭᠤᠤᠯ ᠬᠤᠲᠠ᠂ ᠮᠠᠨᠵᠤᠤᠷ ᠬᠤᠲᠠ᠂ ᠶᠠᠭᠰᠢ ᠬᠤᠲᠠ ᠶᠢᠨ ᠲᠤᠯᠢ ᠭᠤᠤᠯ ᠪᠠᠯᠭᠠᠰᠤ ᠵᠡᠷᠭᠡ ᠪᠦᠰᠡ ᠨᠤᠲᠤᠭ ᠤᠨ ᠪᠦᠬᠦᠯᠢ ᠡᠳᠦᠷ ᠤᠨ ᠠᠭᠠᠷ ᠤᠨ ᠳᠤᠯᠠᠭᠠᠨ 5℃ ᠡᠴᠡ ᠳᠤᠤᠷ᠎ᠠ ᠪᠠᠶᠢᠵᠤ᠂ ᠮᠠᠨᠵᠤᠤᠷ ᠬᠤᠲᠠ ᠶᠢᠨ ᠠᠭᠠᠷ ᠤᠨ ᠳᠤᠯᠠᠭᠠᠨ ᠪᠠᠭᠤᠷᠠᠭᠠᠳ -0.2℃ ᠬᠦᠷᠪᠡ᠃ ᠪᠦᠬᠦᠯᠢ ᠡᠳᠦᠷ ᠤᠨ ᠳᠤᠯᠠᠭᠠᠨ ᠤ ᠵᠦᠷᠢᠶ᠎ᠠ ᠪᠠᠭ᠎ᠠ᠂ ᠡᠳᠦᠷ  ᠰᠦᠨᠢ ᠶᠢᠨ ᠳᠤᠯᠠᠭᠠᠨ ᠪᠠᠷᠤᠬ ᠠᠳᠠᠯᠢᠬᠠᠨ ᠪᠠᠶᠢᠯ᠎ᠠ᠃ ( ᠱᠢ ᠰᠢᠶᠠᠩ ᠵᠢᠶᠦ᠋ᠨ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121577276